ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠪᠦᠭᠦ ᠣᠷᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/7/31
    7 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠭᠦ ᠣᠷᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠭᠢᠯᠡᠵᠠᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 7 ᠰᠠᠷ᠎ᠠ ᠶᠢᠨ 25 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠱᠠᠨᠰᠢ ᠶᠢᠨ ᠱᠠᠩ ᠯᠥᠸᠧ ᠬᠤᠲᠠ ᠶᠢᠨ ᠵᠠ ᠱᠦᠢ ᠰᠢᠶᠠᠨ ᠤ ᠬᠠᠷᠢᠶᠠᠨ ᠳᠠᠬᠢ ᠨᠢᠭᠡᠨ ᠲᠦᠷᠭᠡᠨ ᠵᠠᠰᠠᠮᠠᠯ ᠵᠠᠮ ᠤᠨ ᠬᠥᠭᠦᠷᠭᠡ ᠨᠤᠷᠠᠭᠰᠠᠨ ᠳᠤ ᠥᠭᠭᠦᠭᠰᠡᠨ ᠴᠢᠬᠤᠯᠠ ᠵᠢᠭᠠᠪᠤᠷᠢ ᠪᠣᠯᠣᠨ ᠯᠢ ᠴᠢᠶᠠᠩ ᠨᠥᠬᠦᠷ ᠤᠨ ᠬᠤᠯᠪᠣᠭᠳᠠᠯ ᠪᠦᠬᠦᠢ ᠴᠣᠬᠤᠯᠠᠪᠤᠷᠢ ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ︽ᠴᠠᠭ ᠢᠮᠠᠭᠲᠠ ᠰᠠᠨᠠᠭ᠎ᠠ ᠲᠠᠯᠪᠢᠬᠤ︾ ᠪᠠᠶᠢᠳᠠᠯ ᠢᠶᠠᠷ ᠰᠠᠶᠢᠲᠤᠷ ᠠᠳᠬᠤᠬᠤ ᠬᠡᠷᠡᠭᠲᠡᠢ᠃ ᠡᠯ᠎ᠡ ᠱᠠᠲᠤᠨ ᠤ ᠬᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢᠲᠡᠢ ᠤᠰᠤᠨ ᠴᠥᠭᠦᠷᠥᠮ᠂ ᠠᠭᠤᠯᠠᠨ ᠦᠶᠡᠷ ᠤᠨ ᠰᠤᠪᠠᠭ᠂ ᠠᠶᠤᠯ ᠲᠦᠭᠰᠢᠭᠦᠷᠢᠲᠡᠢ ᠬᠡᠰᠡᠭ᠂ ᠪᠦᠲᠦᠭᠡᠨ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ᠂ ᠵᠠᠮ ᠬᠠᠷᠢᠯᠴᠠᠭᠠᠨ ᠤ ᠭᠤᠣᠯ ᠱᠤᠭᠤᠮ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠤᠲᠠ ᠶᠢᠨ ᠭᠠᠵᠠᠷ ᠳᠣᠣᠷᠠᠬᠢ ᠣᠷᠣᠨ ᠵᠠᠢ ᠵᠡᠷᠭᠡ ᠭᠤᠣᠯᠳᠠᠯᠭ᠎ᠠ ᠲᠠᠢ ᠬᠡᠰᠡᠭ ᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠴᠠᠭ ᠠᠭᠤᠷ᠂ ᠤᠰᠤᠨ ᠤ ᠵᠦᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠰᠡᠷᠡᠮᠵᠢᠯᠡᠭᠦᠯᠭᠦ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠴᠠᠲᠠᠢ ᠨᠡᠶᠢᠲᠡᠯᠡᠬᠦ ᠬᠡᠷᠡᠭᠲᠡᠢ᠃ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠮᠡᠳᠡᠯᠭᠡ ᠶᠢ ᠶᠡᠭᠡ ᠪᠠᠷ ᠲᠦᠭᠡᠮᠡᠯᠵᠢᠭᠦᠯᠵᠦ᠂ ᠣᠯᠠᠨ ᠲᠦᠮᠡᠨ ᠤ ᠠᠶᠤᠯ ᠠᠴᠠ ᠵᠠᠶᠢᠯᠠᠵᠤ ᠭᠠᠮᠰᠢᠭ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠠᠨ ᠤ ᠣᠷᠣᠨ ᠤ ᠥᠭᠡᠷᠡᠴᠢᠯᠡᠯᠲᠡ ᠶᠢᠨ ᠠᠵᠢᠯ ᠢ ᠰᠠᠶᠢᠲᠤᠷ ᠤᠬᠠᠭᠠᠯᠠᠨ ᠲᠥᠯᠥᠪᠯᠡᠬᠦ ᠬᠡᠷᠡᠭᠲᠡᠢ᠃ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠠᠷᠠᠳᠴᠢᠯᠠᠯ ᠢ ᠪᠠᠳᠠᠷᠠᠭᠤᠯᠬᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠦᠨᠳᠦᠰᠦᠨ ᠱᠠᠲᠤ ᠪᠣᠯᠣᠨ ᠤᠯᠠᠨ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠢᠴᠡᠳ ᠭᠦᠨᠳᠦᠳᠭᠡᠵᠦ᠂ ᠦᠨᠳᠦᠰᠦᠨ ᠱᠠᠲᠤᠨ ᠤ ᠪᠦᠲᠦᠮᠵᠢᠲᠡᠢ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠢ ᠳᠤᠨᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠭᠠᠨ ᠳᠡᠭᠡᠭᠰᠢᠯᠡᠭᠦᠯᠭᠦ ᠬᠡᠷᠡᠭᠲᠡᠢ᠃ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ ᠤᠯᠠᠨ ᠲᠦᠮᠡᠨ ᠤ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ ᠦᠨᠡᠨ ᠬᠦ ᠢᠯᠡᠷᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠮᠡᠳᠡᠷᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠪᠠᠶᠠᠷ ᠤᠨ ᠵᠠᠬᠢᠳᠠᠯ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠷᠣᠰ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠂ ᠠᠷᠠᠳ ᠤᠨ ᠠᠭᠠᠷ ᠤᠨ ᠲᠡᠭᠡᠭᠡᠪᠦᠷᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠪᠠ᠃    ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠪᠦᠭᠦ ᠣᠷᠣᠨ ᠤ ᠠᠵᠤ ᠠᠬᠤᠢ ᠶᠢᠨ ᠡᠷᠭᠢᠯᠲᠡ ᠲᠣᠭᠲᠠᠭᠤᠨ ᠢᠶᠠᠷ ᠰᠠᠶᠢᠵᠢᠷᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠭᠤᠣᠯ ᠭᠦᠢᠴᠡᠳᠬᠡᠯ ᠲᠤᠭ᠎ᠠ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠵᠤ᠂ ᠪᠦᠭᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠂ ᠡᠨᠡ ᠪᠣᠯ ᠭᠢᠯᠪᠠᠷ ᠪᠤᠰᠤ ᠪᠠᠷ ᠢᠷᠡᠭᠰᠡᠨ ᠬᠢᠷᠢ ᠪᠦᠲᠦᠮᠵᠢ ᠪᠣᠯᠣᠨ᠎ᠠ᠃ ᠡᠯ᠎ᠡ ᠱᠠᠲᠤᠨ ᠤ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠢᠲᠡᠭᠡᠯ ᠵᠣᠷᠢᠭ ᠢᠶᠠᠨ ᠨᠡᠮᠡᠭᠳᠡᠭᠦᠯᠦᠨ᠂ ᠴᠤᠭ ᠰᠦᠯᠳᠡ ᠪᠠᠨ ᠪᠠᠳᠠᠷᠠᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠨᠥᠬᠦᠪᠦᠷᠢᠯᠡᠵᠦ᠂ ︽ᠲᠠᠪᠤᠨ ᠶᠡᠭᠡ ᠡᠭᠦᠷᠭᠡ︾ ᠶᠢ ᠲᠦᠷᠭᠡᠨ ᠢᠶᠠᠷ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ ᠲᠦᠷᠭᠡᠨ ᠢᠶᠠᠷ ᠠᠬᠢᠭᠤᠯᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠲᠠᠲᠠᠬᠤ ᠡᠷᠴᠢᠮ ᠢᠶᠠᠨ ᠴᠢᠩᠭᠠᠷᠠᠭᠤᠯᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠶᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠨ ᠢᠶᠠᠷ ᠠᠬᠢᠭᠤᠯᠵᠤ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠤᠪᠣᠷ ᠰᠢᠷᠣᠢ ᠵᠡᠷᠭᠡ ᠳᠠᠪᠠᠭᠤᠯᠢᠭ ᠠᠵᠤ ᠦᠢᠯᠡᠰ ᠤᠨ ᠬᠡᠪᠴᠢᠶ᠎ᠡ ᠶᠢ ᠦᠷᠭᠦᠯᠵᠢᠯᠡᠨ ᠬᠦᠴᠦᠯᠡᠨ ᠪᠤᠵᠠᠭᠠᠶᠢᠷᠠᠭᠤᠯᠵᠤ᠂ ᠭᠤᠷᠪᠠᠳᠤᠭᠠᠷ ᠠᠵᠤ ᠦᠢᠯᠡᠰ ᠤᠨ ᠳᠤᠲᠠᠭᠤᠳᠠᠯ ᠢ ᠲᠦᠷᠭᠡᠨ ᠢᠶᠠᠷ ᠨᠥᠬᠦᠪᠦᠷᠢᠯᠡᠵᠦ᠂ ᠮᠠᠯ ᠠᠵᠤ ᠠᠬᠤᠢ ᠲᠠᠷᠢᠶᠠᠯᠠᠩ ᠤᠨ ᠭᠠᠷᠤᠯᠲᠠ ᠶᠢ ᠲᠣᠭᠲᠠᠪᠤᠷᠢᠵᠢᠭᠤᠯᠤᠨ ᠭᠠᠷᠤᠯᠲᠠ ᠶᠢ ᠨᠡᠮᠡᠭᠳᠡᠭᠦᠯᠬᠦ ᠶᠢ ᠪᠦᠭᠦ ᠬᠦᠴᠦᠨ ᠢᠶᠠᠷ ᠪᠠᠲᠤᠯᠠᠬᠤ ᠬᠡᠷᠡᠭᠲᠡᠢ᠃ ᠢᠳᠡᠭᠡᠨ ᠪᠤᠯᠪᠠᠰᠤᠷᠠᠭᠤᠯᠬᠤ ᠵᠡᠷᠭᠡ ᠠᠵᠤ ᠦᠢᠯᠡᠰ ᠢ ᠲᠦᠷᠭᠡᠨ ᠢᠶᠠᠷ ᠪᠤᠶᠢᠵᠢᠭᠤᠯᠤᠨ ᠬᠥᠭᠵᠢᠭᠦᠯᠵᠦ᠂ ᠠᠷᠭ᠎ᠠ ᠪᠦᠭᠦᠨ ᠢ ᠰᠦᠪᠡᠭᠴᠢᠯᠡᠨ ᠴᠢᠨᠠᠷ ᠰᠠᠶᠢᠲᠠᠢ ᠦᠢᠯᠡᠳᠬᠦᠨ ᠤ ᠬᠠᠩᠭᠠᠯᠭ᠎ᠠ ᠶᠢ ᠥᠷᠭᠡᠳᠬᠡᠬᠦ ᠬᠡᠷᠡᠭᠲᠡᠢ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠦᠪᠰᠢᠨ ᠪᠠ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠣᠨ ᠤ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠦᠭᠦ ᠲᠠᠯ᠎ᠠ ᠪᠠᠷ ᠰᠠᠶᠢᠲᠤᠷ ᠰᠠᠬᠢᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠠᠷᠢᠯᠢᠭ ᠪᠤᠳᠤᠬᠤ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠪᠣᠯᠣᠨ ᠠᠷᠭ᠎ᠠ ᠪᠠᠷᠢᠯ ᠢ ᠰᠡᠳᠬᠢᠯ ᠰᠢᠭᠤᠳᠤᠨ ᠰᠤᠳᠤᠯᠵᠤ᠂ ᠠᠵᠤ ᠠᠬᠤᠢ ᠶᠢᠨ ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠲᠣᠭᠲᠠᠭᠰᠠᠨ ᠶᠠᠪᠤᠳᠠᠯ ᠢ ᠱᠠᠯᠠᠪᠳᠠᠨ ᠲᠦᠷᠭᠡᠨ ᠬᠢᠵᠦ᠂ ᠴᠥᠬᠦᠷᠡᠰᠢ ᠦᠭᠡᠢ ᠪᠠᠶᠢᠩᠭᠤ ᠠᠳᠬᠤᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠬᠰᠣᠬᠤ ᠦᠭᠡᠢ ᠪᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ︾ ᠤᠨ ᠨᠣᠣᠷᠠᠭ ᠢ ᠰᠤᠳᠤᠯᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号