ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ ᠦᠬᠠᠶ ᠬᠤᠲᠠ ᠳᠤ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠢᠵᠠᠭᠠᠷᠲᠤ ᠣᠷᠣᠨ ᠵᠠᠶ ᠳᠤ ᠠᠵᠢᠯᠯᠠᠬᠤ ᠲᠤᠰᠬᠠᠶ ᠮᠡᠷᠭᠡᠵᠢᠯᠲᠡᠨ ᠢ ᠵᠢᠯᠣᠭᠤᠳᠬᠤ ᠦᠢᠯᠡᠴᠢᠯᠡᠭᠡ ᠥᠷᠨᠢᠭᠦᠯᠪᠡ
ᠨᠡᠶᠢᠲᠡᠯᠡᠭᠰᠡᠨ ᠴᠠᠭ᠄
2024/7/4
W020240704349856635053.png
ᠠᠵᠤ ᠦᠢᠯᠡᠳᠪᠦᠷᠢ ᠠᠷᠠᠯᠵᠢᠶᠠᠨ ᠤ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠵᠤ ᠠᠬᠤᠶᠢᠯᠠᠯ ᠤᠨ ᠬᠢᠵᠠᠭᠠᠷᠲᠤ ᠣᠷᠣᠨ ᠵᠠᠶ ᠳᠤ ᠠᠵᠢᠯᠯᠠᠬᠤ ᠶᠢᠨ ᠠᠶᠤᠯ ᠦᠭᠡᠶ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠲᠦᠯᠦᠭᠡ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ ᠤᠨ ᠬᠠᠤᠯᠢ ᠬᠡᠷᠡᠭᠵᠢᠭᠦᠯᠬᠦ ᠲᠣᠪᠴᠢᠶ᠎ᠠ ᠳᠤᠮᠳᠠᠳᠤ ᠤᠯᠤᠰ ᠤᠨ ᠪᠣᠯᠣᠳ ᠲᠡᠮᠦᠷ ᠤᠨ ᠪᠦᠯᠦᠭᠯᠡᠯ ᠤᠨ ᠦᠬᠠᠨ ᠤ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ ᠦᠬᠠᠶ ᠬᠤᠲᠠ ᠳᠤ ᠭᠦᠨᠵᠡᠭᠡᠶᠢᠷᠡᠨ ᠬᠢᠵᠠᠭᠠᠷ ᠲᠠᠢ ᠣᠷᠣᠨ ᠵᠠᠶ ᠳᠤ ᠠᠵᠢᠯᠯᠠᠬᠤ ᠭᠤᠤᠯᠳᠠᠯᠭ᠎ᠠ ᠲᠠᠢ ᠠᠵᠤ ᠠᠬᠤᠶᠢᠯᠠᠯ ᠤᠨ ︽ᠠᠮᠤᠷ ᠲᠦᠪᠰᠢᠨ ᠤ ᠦᠨᠡᠯᠡᠨ ᠵᠢᠱᠢᠯᠲᠡ + ᠬᠠᠤᠯᠢ ᠬᠡᠷᠡᠭᠵᠢᠭᠦᠯᠦᠯᠲᠡ +  ᠦᠢᠯᠡᠴᠢᠯᠡᠭᠡ ︾ ᠵᠢᠴᠢ ᠲᠤᠰᠬᠠᠶ ᠮᠡᠷᠭᠡᠵᠢᠯᠲᠡᠨ ᠤ ᠵᠢᠯᠣᠭᠤᠳᠣᠯᠭ᠎ᠠ ᠦᠢᠯᠡᠴᠢᠯᠡᠭᠡᠨ ᠤ ᠠᠵᠢᠯ ᠢ ᠥᠷᠨᠢᠭᠦᠯᠪᠡ᠃ ᠲᠣᠭᠤᠷᠢᠭ ᠤᠨ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠠᠵᠢᠯᠲᠠᠨ᠂ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠬᠢᠵᠠᠭᠠᠷᠲᠤ ᠣᠷᠣᠨ ᠵᠠᠶ ᠳᠤ ᠬᠤᠯᠪᠣᠭᠳᠠᠬᠤ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ᠂ ᠲᠤᠰᠬᠠᠶ ᠬᠢᠨᠠᠨ ᠬᠠᠮᠠᠭᠠᠯᠠᠭᠴᠢ ︽ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠬᠢᠵᠠᠭᠠᠷᠲᠤ ᠣᠷᠣᠨ ᠵᠠᠶ ᠳᠤ ᠠᠵᠢᠯᠯᠠᠬᠤ ᠠᠮᠤᠷ ᠲᠦᠪᠰᠢᠨ ᠤ ᠲᠣᠭᠲᠠᠭᠠᠯ︾ ᠂ ︽ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾ ᠶᠢᠨ ᠲᠤᠰᠬᠠᠶ ᠪᠣᠯᠪᠠᠰᠤᠷᠠᠭᠤᠯᠤᠯ ᠳᠤ ᠤᠷᠤᠯᠴᠠᠵᠤ᠂ ᠡᠭᠦᠨ ᠤ ᠬᠠᠮᠲᠤ 39 ᠬᠥᠮᠦᠨ ᠤᠳᠠᠭ᠎ᠠ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠪᠠ᠃
W020240704349856715256.png
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号