︽ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ | ᠪᠠᠶᠢᠭᠤᠯᠤᠯᠲᠠ ᠶᠢᠨ ᠳᠡᠰ ᠲᠣᠭᠲᠠᠭᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠮᠡᠳᠡᠭᠳᠡᠯ︾ ︵ᠪᠠᠴᠢᠮ ᠪᠠᠶᠢᠳᠠᠯ ᠢ ᠠᠷᠭᠠᠴᠠᠬᠤ 202183 ᠳ᠋ᠤᠭᠠᠷ | ᠲᠣᠭᠠᠲᠤ︶᠂ ︽ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠵᠤ | ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠬᠤᠶᠠᠳᠤᠭᠠᠷ ᠳᠡᠰ ᠤᠨ | ᠪᠠᠷᠢᠮᠵᠢᠶᠠᠵᠢᠭᠤᠯᠬᠤ ᠳᠡᠰ ᠲᠣᠭᠲᠠᠭᠠᠬᠤ ᠪᠠᠷ ᠮᠡᠳᠡᠭᠦᠯᠬᠦ ᠠᠵᠢᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ | ᠪᠠᠴᠢᠮ ᠪᠠᠶᠢᠳᠠᠯ ᠢ ᠠᠷᠭᠠᠴᠠᠬᠤ ᠵᠠᠬᠢᠳᠠᠯ 2023385 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ ᠠᠵᠤ ᠠᠬᠤᠶᠢᠯᠠᠯ ᠤᠨ ᠥᠪᠡᠰᠦᠪᠡᠨ ᠦᠨᠡᠯᠡᠬᠦ᠂ ᠭᠤᠶᠤᠴᠢᠯᠠᠬᠤ᠂ ᠲᠤᠬᠠᠶ ᠶᠢᠨ | ᠭᠠᠵᠠᠷ ᠲᠤᠨᠢ ᠬᠢᠨᠠᠨ ᠲᠣᠭᠲᠠᠭᠠᠬᠤ ᠵᠡᠷᠭᠡ ᠭᠤᠭᠴᠤᠭ᠎ᠠ ᠪᠠᠷ ᠳᠠᠮᠵᠢᠨ᠂ ᠬᠤᠶᠠᠳᠤᠭᠠᠷ ᠪᠦᠯᠦᠭ ᠤᠨ 18 ᠠᠵᠤ | ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠢ ᠠᠶᠤᠯ ᠦᠭᠡᠶ | ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠬᠤᠶᠠᠳᠤᠭᠠᠷ ᠳᠡᠰ ᠤᠨ᠂ ᠪᠠᠷᠢᠮᠵᠢᠶ᠎ᠠ ᠳᠤ | ᠬᠦᠷᠦᠭᠦᠯᠬᠦ ᠳᠡᠰ ᠲᠣᠭᠲᠠᠭᠠᠬᠤ ᠪᠠᠷ ᠬᠢᠨᠠᠨ ᠲᠣᠭᠲᠠᠭᠠᠬᠤ ᠪᠠᠷ ᠳᠠᠮᠵᠢᠭᠤᠯᠤᠨ᠂ ᠡᠳᠦᠭᠡ ᠨᠡᠶᠢᠲᠡ ᠳᠤ ᠵᠠᠷᠯᠠᠨ᠎ᠠ᠃ | ᠶᠠᠮᠠᠷᠪᠠ ᠨᠢᠭᠡᠴᠡ ᠪᠣᠯᠤᠨ ᠬᠤᠪᠢ ᠬᠥᠮᠦᠨ ᠬᠡᠷᠪᠡ ᠣᠨᠳᠣᠣ ᠰᠠᠨᠠᠯ ᠲᠠᠢ ᠪᠣᠯ ᠨᠡᠶᠢᠲᠡᠯᠡᠭᠰᠡᠨ ᠡᠳᠦᠷ ᠠᠴᠠ | ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠳᠤ ᠪᠢᠴᠢᠭᠯᠡᠭᠰᠡᠨ ᠬᠡᠯᠪᠡᠷᠢ ᠪᠠᠷ ᠳᠤᠷᠠᠳᠬᠤ ᠬᠡᠷᠡᠭᠲᠡᠶ᠃ | ᠨᠢᠭᠡᠴᠡ ᠶᠢᠨ ᠨᠡᠷ᠎ᠡ ᠪᠠᠷ ᠪᠠᠶᠢᠳᠠᠯ ᠢ ᠲᠤᠰᠬᠠᠭᠰᠠᠨ ᠪᠣᠯ ᠠᠯᠪᠠᠨ ᠲᠠᠮᠠᠭ᠎ᠠ ᠳᠠᠷᠤᠭᠠᠷᠠᠶ︔ ᠬᠤᠪᠢ ᠬᠥᠮᠦᠨ ᠤ | ᠨᠡᠷ᠎ᠡ ᠪᠠᠷ ᠪᠠᠶᠢᠳᠠᠯ ᠢ ᠲᠤᠰᠬᠠᠭᠰᠠᠨ ᠪᠣᠯ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ ᠪᠠ ᠬᠠᠷᠢᠯᠴᠠᠬᠤ | ᠤᠲᠠᠰᠤ ᠪᠠᠨ ᠪᠢᠴᠢᠭᠡᠷᠡᠶ᠃ | ᠬᠠᠷᠢᠯᠴᠠᠬᠤ ᠤᠲᠠᠰᠤ᠄ 0471 - 4825137᠂ ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠤᠩ ᠹᠸᠢ ᠡᠮᠦᠨ᠎ᠡ ᠵᠠᠮ ᠤᠨ 40 | ᠳ᠋ᠦᠭᠡᠷ ᠨᠣᠮᠧᠷᠲᠤ ᠥᠪᠥᠷ ᠮᠣᠩᠭᠤᠯ ᠤᠨ ᠳ᠋ᠢ ᠺᠤᠸᠠᠩ ᠪᠠᠷᠠᠭᠤᠨ ᠳᠡᠳ᠋ ᠠᠰᠠᠷ ᠤᠨ 1 ᠳ᠋ᠤᠭᠡᠷ ᠠᠰᠠᠷ ᠤᠨ 112 | ᠲᠠᠰᠤᠭ᠃ | https://yjglt.nmg.gov.cn/yjt_index/tzgg/202407/t20240704_2537965. | html | | |