ᠥᠪᠥᠷ ᠮᠣᠩᠭᠤᠯ ᠤᠨ ᠬᠢᠩᠭᠠᠨ ᠠᠶᠢᠮᠠᠭ᠄ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠰᠤᠯᠠᠷᠠᠭᠤᠯᠤᠯ ᠥᠬᠡᠶ ᠴᠢᠩᠭ᠎ᠠ ᠠᠳᠬᠤᠬᠤ ᠬᠡᠷᠡᠭᠲᠡᠶ
ᠨᠡᠶᠢᠲᠡᠯᠡᠭᠰᠡᠨ ᠴᠠᠭ᠄
2024/7/8
    ᠤᠰᠤᠨ ᠳᠡᠭᠡᠷᠡᠬᠢ ᠠᠮᠤᠷ ᠲᠦᠪᠰᠢᠨ ᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠴᠢᠩᠭᠠᠳᠬᠠᠨ᠂ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠥᠪᠥᠷ ᠮᠣᠩᠭᠤᠯ ᠤᠨ ᠬᠢᠩᠭᠠᠨ ᠠᠶᠢᠮᠠᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠤᠰᠤᠨ ᠳᠤ ᠵᠢᠪᠬᠦ ᠶᠢ ᠰᠡᠷᠭᠡᠶᠢᠯᠡᠬᠦ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃    ᠠᠵᠢᠯᠯᠠᠭ᠎ᠠ ᠳᠤᠮᠳᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠳ ᠲᠠᠶᠢᠯᠤᠮᠵᠢ ᠬᠢᠬᠦ ᠪᠠ ᠬᠠᠷᠢᠯᠴᠠᠨ ᠦᠶ᠋ᠯᠡᠳᠦᠯᠴᠡᠵᠦ ᠵᠢᠭᠠᠨ ᠰᠤᠷᠭᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠨᠣᠯ ᠤᠨ ᠮᠡᠳᠡᠯᠭᠡ ᠪᠣᠯᠤᠨ ᠦᠨᠡᠨ ᠪᠣᠳᠠᠲᠠᠶ ᠬᠡᠷᠡᠭ ᠤᠨ ᠵᠢᠱᠢᠶ᠎ᠡ ᠶᠢ ᠤᠶᠠᠯᠳᠤᠭᠤᠯᠵᠤ᠂ ᠪᠠᠭᠰᠢ ᠰᠤᠷᠤᠭᠴᠢᠳ ᠲᠤ ᠵᠣᠨ ᠤ ᠤᠯᠠᠷᠢᠯ ᠤᠨ ᠤᠰᠤᠨ ᠳᠤ ᠵᠢᠪᠦᠭᠰᠡᠨ ᠬᠡᠷᠡᠭ ᠤᠨ ᠬᠤᠤᠷ ᠬᠥᠨᠥᠭᠡᠯ ᠢ ᠠᠮᠢᠳᠤᠯᠢᠭ ᠳᠦᠷᠰᠦᠯᠢᠭ ᠢᠶᠠᠷ ᠶᠠᠷᠢᠵᠤ ᠥᠭᠴᠦ᠂ ᠰᠤᠷᠤᠭᠴᠢᠳ ᠲᠤ ᠳᠡᠷᠭᠡᠳᠡᠬᠢ ᠳᠠᠯᠳᠠ ᠠᠶᠤᠯ ᠲᠦᠭᠰᠢᠭᠦᠷᠢ ᠶᠢ ᠣᠶᠢᠯᠠᠭᠠᠭᠤᠯᠵᠤ᠂ ᠥᠪᠡᠷ ᠢ ᠪᠠᠨ ᠬᠠᠮᠠᠭᠠᠯᠠᠬᠤ ᠤᠷ᠎ᠠ ᠴᠢᠳᠠᠪᠤᠷᠢ ᠶᠢ ᠰᠤᠷᠤᠯᠴᠠᠭᠤᠯᠵᠤ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃ ᠡᠭᠦᠨ ᠤ ᠬᠠᠮᠲᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠳ ᠪᠠᠰᠠ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠲᠤ ᠵᠣᠨ ᠤ ᠤᠯᠠᠷᠢᠯ ᠤᠨ ᠤᠰᠤᠨ ᠳᠤ ᠴᠠᠴᠠᠬᠤ ᠠᠴᠠ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠪᠡ᠃    ᠲᠣᠨᠣᠭᠯᠠᠯ ᠤᠨ ᠳᠡᠯᠭᠡᠨ ᠦᠵᠡᠭᠦᠯᠦᠯᠭᠡ ᠳᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠳ ᠦᠶᠡᠷ ᠤᠨ ᠬᠤᠭᠤᠴᠠᠭ᠎ᠠ ᠬᠦᠷᠴᠦ ᠢᠷᠡᠬᠦ᠂ ᠦᠶᠡᠷ ᠤᠨ ᠭᠠᠮᠰᠢᠭ᠂ ᠰᠢᠪᠠᠷ ᠴᠢᠯᠠᠭᠤᠨ ᠤ ᠤᠷᠤᠰᠬᠠᠯ ᠵᠡᠷᠭᠡ ᠪᠠᠶᠢᠭᠠᠯᠢ ᠶᠢᠨ ᠭᠠᠮᠰᠢᠭ ᠣᠯᠠᠨ ᠡᠭᠦᠰᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠪᠤᠷᠠᠯᠳᠠ ᠶᠢᠨ ᠬᠤᠪᠴᠠᠰᠤ ᠡᠮᠦᠰᠬᠦ᠂ ᠠᠪᠤᠷᠠᠯᠳᠠ ᠶᠢᠨ ᠴᠠᠭᠠᠷᠢᠭ ᠵᠡᠷᠭᠡ ᠪᠠᠭᠠᠵᠢ ᠬᠡᠷᠡᠭᠰᠡᠯ ᠢ ᠬᠡᠷᠡᠭᠯᠡᠬᠦ ᠲᠠᠯ᠎ᠠ ᠪᠠᠷ ᠳᠡᠯᠭᠡᠨ ᠦᠵᠡᠭᠦᠯᠦᠭᠰᠡᠨ ᠪᠥᠭᠡᠳ ᠰᠤᠷᠤᠭᠴᠢᠳ ᠢ ᠵᠠᠯᠠᠵᠤ ᠡᠮᠦᠰᠬᠡᠵᠦ ᠪᠡᠶᠡᠴᠢᠯᠡᠨ ᠣᠶᠢᠯᠠᠭᠠᠭᠤᠯᠤᠭᠰᠠᠨ ᠪᠠᠶᠢᠨ᠎ᠠ᠂ ᠡᠭᠦᠨ ᠠᠴᠠ ᠭᠠᠳᠠᠨ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠳ ᠲᠤᠬᠠᠶ ᠶᠢᠨ ᠲᠠᠯᠠᠪᠤᠷ ᠲᠤ ᠪᠠᠭᠰᠢ ᠰᠤᠷᠤᠭᠴᠢᠳ ᠲᠤ ᠬᠥᠮᠦᠨ ᠤ ᠬᠦᠴᠦ ᠪᠠᠷ ᠠᠮᠢᠰᠬᠤᠭᠤᠯᠬᠤ ᠪᠠ ᠵᠢᠷᠦᠬᠡ ᠠᠭᠤᠰᠬᠢ ᠶᠢ ᠰᠡᠷᠭᠦᠭᠡᠬᠦ ᠵᠡᠷᠭᠡ ᠲᠦᠷᠭᠡᠨ ᠠᠪᠤᠷᠬᠠᠤ ᠠᠷᠭ᠎ᠠ ᠶᠢ ᠦᠵᠡᠭᠦᠯᠵᠦ᠂ ᠤᠰᠤᠨ ᠳᠤ ᠴᠠᠴᠠᠬᠤ ᠠᠴᠠ ᠰᠡᠷᠭᠡᠶᠢᠯᠡᠬᠦ ᠠᠮᠤᠷ ᠲᠦᠪᠰᠢᠨ ᠤ ︽ᠦᠷ᠎ᠡ︾ ᠶᠢ ᠰᠤᠷᠤᠭᠴᠢᠳ ᠤᠨ ᠰᠡᠳᠬᠢᠯ ᠳᠤ ᠤᠯᠠᠮ ᠨᠢᠭᠡ ᠠᠯᠬᠤᠮ ᠰᠠᠴᠤᠭᠰᠠᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠬᠢᠩᠭᠠᠨ ᠠᠶᠢᠮᠠᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠤᠨ ︽ᠳᠥᠷᠪᠡᠨ ᠨᠢᠭᠡ︾᠂ ᠬᠡᠷ ᠪᠦᠯᠢ ᠶᠢᠨ ᠭᠠᠯ ᠤᠨ ᠠᠶᠤᠯ ᠤᠨ ᠳᠠᠯᠳᠠ ᠬᠡᠮ ᠢ ︽ᠶᠡᠬᠡᠪᠡᠷ ᠠᠷᠢᠯᠭᠠᠬᠤ︾᠂ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠵᠡᠷᠭᠡ ᠠᠵᠢᠯᠯᠠᠭ᠎ᠠ ᠶᠢ ᠥᠷᠨᠢᠭᠦᠯᠵᠦ᠂ ︽ᠨᠢᠭᠡ ᠬᠡᠦᠬᠡᠳ ᠢ ᠬᠥᠮᠦᠵᠢᠭᠦᠯᠬᠦ᠂ ᠨᠢᠭᠡ ᠬᠡᠷ ᠪᠦᠯᠢ ᠶᠢ ᠳᠠᠶᠢᠴᠢᠯᠠᠬᠤ᠂ ᠪᠥᠬᠦ ᠨᠡᠶᠢᠭᠡᠮ ᠢ ᠨᠥᠯᠥᠭᠡᠯᠡᠬᠦ︾ ᠬᠠᠷᠠᠯᠲᠠ ᠶᠢ ᠪᠡᠶᠡᠯᠡᠭᠦᠯᠵᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠦᠷ᠎ᠡ ᠶᠢ ᠬᠡᠦᠬᠡᠳ ᠤᠨ ᠰᠡᠳᠬᠢᠯ ᠳᠤ ᠰᠠᠴᠤᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号