ᠦᠰᠦᠭ ᠢᠶᠠᠷ ᠦᠬᠦᠯᠡᠬᠦᠢ᠄ ᠵᠠᠷᠯᠢᠭᠳᠠᠨ ᠴᠡᠭᠴᠡᠯᠡᠨ ᠥᠭᠡᠷᠡᠴᠢᠯᠡᠬᠦ ᠵᠠᠷᠯᠢᠭ ᠤᠨ ᠪᠢᠴᠢᠭ ᠢ ᠳᠠᠬᠢᠨ ᠵᠥᠪᠯᠡᠬᠦ ᠴᠢᠬᠤᠯᠠ ᠲᠠᠢ ᠦᠦ︖
ᠨᠡᠶᠢᠲᠡᠯᠡᠭᠰᠡᠨ ᠴᠠᠭ᠄
2024/7/8
   ᠢᠷᠡᠭᠦᠯᠦᠭᠰᠡᠨ ᠵᠠᠬᠢᠳᠠᠯ:    ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠠᠷᠭᠠᠭᠰᠠᠨ ᠵᠠᠷᠯᠢᠭᠳᠠᠵᠤ ᠴᠡᠭᠴᠡᠯᠡᠨ ᠰᠠᠶᠢᠵᠢᠷᠠᠭᠤᠯᠬᠤ ᠵᠠᠷᠯᠢᠭ ᠤᠨ ᠪᠢᠴᠢᠭ ᠢ ᠤᠷᠢᠳ ᠢᠶᠠᠷ ᠳᠠᠬᠢᠨ ᠵᠥᠪᠯᠡᠬᠦ ᠴᠢᠬᠤᠯᠠᠲᠠᠶ ᠦᠦ︖    ᠬᠠᠷᠢᠭᠤ ᠵᠠᠬᠢᠳᠠᠯ:    ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠶᠢᠨ ᠤᠷᠢᠲᠠᠯ ᠭᠡᠳᠡᠭ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠬᠠᠷᠢᠴᠠᠩᠭᠤᠢ ᠬᠥᠮᠦᠨ ︵ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ︶ ᠵᠠᠷᠢᠮ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠵᠥᠪᠰᠢᠶᠡᠷᠡᠬᠦ ᠦᠭᠡᠢ ᠪᠠᠶᠢᠪᠠᠯ᠂ ᠤᠷᠢᠳ ᠢᠶᠠᠷ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠭᠤᠶᠤᠴᠢᠯᠠᠯ ᠭᠠᠷᠭᠠᠬᠤ ᠬᠡᠷᠡᠭᠲᠡᠢ᠂ ᠳᠠᠪᠲᠠᠨ ᠶᠠᠷᠢᠯᠴᠠᠭᠰᠠᠨ ᠦᠷ᠎ᠡ ᠳ᠋ᠦᠩ ᠢ ᠵᠥᠪᠰᠢᠶᠡᠷᠡᠬᠦ ᠦᠭᠡᠢ ᠪᠠᠶᠢᠪᠠᠯ ᠰᠠᠶ᠋ᠢ ᠬᠠᠤᠯᠢ ᠶᠣᠰᠣᠭᠠᠷ ᠵᠠᠰᠠᠭ ᠵᠠᠬᠢᠷᠭᠠᠨ ᠤ ᠵᠠᠷᠭᠤ ᠬᠢᠬᠦ ᠬᠡᠷᠡᠭᠲᠡᠢ᠂ ᠬᠠᠷᠢᠨ ᠰᠢᠭᠤᠳ ᠵᠠᠰᠠᠭ ᠵᠠᠬᠢᠷᠭᠠᠨ ᠤ ᠵᠠᠷᠭᠤ ᠬᠢᠵᠦ ᠪᠣᠯᠬᠤ ᠦᠭᠡᠢ ᠬᠠᠤᠯᠢ ᠴᠠᠭᠠᠵᠠ ᠶᠢᠨ ᠲᠦᠷᠢᠮ ᠢ ᠵᠢᠭᠠᠵᠤ ᠪᠠᠶᠢᠨ᠎ᠠ᠃ ︽ᠵᠠᠰᠠᠭ ᠵᠠᠬᠢᠷᠭᠠᠨ ᠤ ᠲᠠᠭᠢᠨ ᠵᠥᠪᠯᠡᠬᠦ ᠬᠠᠤᠯᠢ︾ ︵2023︶ ᠶᠢᠨ 23 ᠳ᠋ᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠳᠣᠣᠷ᠎ᠠ ᠵᠢᠭᠰᠠᠭᠠᠭᠰᠠᠨ ᠪᠠᠶᠢᠳᠠᠯ ᠨᠢ ᠲᠠᠭᠢᠨ ᠵᠥᠪᠯᠡᠬᠦ ᠠᠴᠠ ᠡᠮᠦᠨᠡᠬᠢ ᠪᠠᠶᠢᠳᠠᠯ ᠳᠤ ᠲᠣᠭᠠᠴᠠᠭᠳᠠᠨ᠎ᠠ᠄ 1 ᠲᠤᠬᠠᠢ ᠶᠢᠨ ᠲᠠᠯᠠᠪᠤᠷ ᠲᠤ ᠭᠠᠷᠭᠠᠭᠰᠠᠨ ᠵᠠᠰᠠᠭ ᠵᠠᠬᠢᠷᠭᠠᠨ ᠤ ᠰᠢᠢᠳᠬᠡᠯ ᠢ ᠵᠥᠪᠰᠢᠶᠡᠷᠡᠬᠦ ᠦᠭᠡᠢ︔ 2 . ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠢᠭᠡᠨᠲᠡ ᠬᠠᠤᠯᠢ ᠶᠣᠰᠣᠭᠠᠷ ᠣᠯᠤᠭᠰᠠᠨ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠳᠤ ᠬᠠᠯᠳᠠᠭᠰᠠᠨ ᠲᠣᠭᠲᠠᠭᠠᠯ ᠢ ᠵᠥᠪᠰᠢᠶᠡᠷᠡᠬᠦ ᠦᠭᠡᠢ︔ 3 . ᠵᠠᠰᠠᠭ ᠵᠠᠬᠢᠷᠭᠠᠨ ᠤ ᠪᠠᠶᠢᠭᠤᠯᠭ᠎ᠠ ᠳᠤ ᠪᠡᠶ᠎ᠡ ᠶᠢᠨ ᠡᠷᠬᠡ᠂ ᠡᠳ᠋ ᠬᠦᠷᠦᠩᠭᠡ ᠶᠢᠨ ᠡᠷᠬᠡ᠂ ᠰᠤᠷᠭᠠᠨ ᠬᠥᠮᠦᠵᠢᠯ ᠬᠦᠷᠳᠡᠬᠦ ᠡᠷᠬᠡ ᠵᠡᠷᠭᠡ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠨᠢ ᠭᠦᠢᠴᠡᠳᠬᠡᠭᠦᠯᠬᠦ ᠪᠠᠷ ᠭᠤᠶᠤᠴᠢᠯᠠᠭᠰᠠᠨ ᠳᠤ ᠵᠠᠰᠠᠭ ᠵᠠᠬᠢᠷᠭᠠᠨ ᠤ ᠪᠠᠶᠢᠭᠤᠯᠭ᠎ᠠ ᠭᠦᠢᠴᠡᠳᠬᠡᠬᠦ ᠶᠢ ᠲᠡᠪᠴᠢᠭᠰᠡᠨ᠂ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠤᠶᠤ ᠬᠠᠷᠢᠭᠤᠯᠲᠠ ᠥᠭᠭᠦᠭᠰᠡᠨ ᠦᠭᠡᠢ︔ 4 . ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠬᠤ ᠳᠤ ᠵᠠᠰᠠᠭ ᠵᠠᠬᠢᠷᠭᠠᠨ ᠤ ᠪᠠᠶᠢᠭᠤᠯᠭ᠎ᠠ ᠢᠯᠡ ᠪᠣᠯᠭᠠᠵᠤ ᠪᠣᠯᠬᠤ ᠦᠭᠡᠶ︔ 5 . ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠤᠷᠢᠳ ᠢᠶᠠᠷ ᠵᠠᠰᠠᠭ ᠵᠠᠬᠢᠷᠭᠠᠨ ᠤ ᠲᠠᠭᠢᠨ ᠵᠥᠪᠯᠡᠬᠦ ᠪᠠᠶᠢᠭᠤᠯᠭ᠎ᠠ ᠳᠤ ᠵᠠᠰᠠᠭ ᠵᠠᠬᠢᠷᠭᠠᠨ ᠢᠶᠠᠷ ᠲᠠᠭᠢᠨ ᠵᠥᠪᠯᠡᠭᠦᠯᠬᠦ ᠪᠠᠷ ᠭᠤᠶᠤᠴᠢᠯᠠᠬᠤ ᠬᠡᠷᠡᠭᠲᠡᠢ ᠭᠡᠵᠦ ᠲᠣᠭᠲᠠᠭᠠᠭᠰᠠᠨ ᠪᠤᠰᠤᠳ ᠪᠠᠶᠢᠳᠠᠯ᠃ ︽ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ᠶᠢᠨ 2021 ᠳ᠋ᠦᠭᠡᠷ ᠵᠦᠢᠯ ᠤᠨ 1ᠳ᠋ᠤᠭᠡᠷ ᠪᠠᠳᠠᠭ  ᠲᠤ᠄ ︽ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠭᠦᠯᠬᠦ ᠳᠡᠭᠡᠨ ᠲᠤᠬᠠᠢ ᠶᠢᠨ ᠬᠥᠮᠦᠨ ᠢ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠯᠠᠷᠠᠭᠤᠯᠤᠭᠤᠯᠬᠤ ᠪᠤᠶᠤ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠬᠡᠷᠡᠭᠲᠡᠢ ᠃ ︽ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ᠶᠢᠨ ᠡᠨᠡ ᠬᠦ ᠰᠢᠭᠤᠳ ᠡᠷᠬᠡ ᠣᠯᠭᠤᠯᠲᠠ ᠪᠠᠷ ᠳᠠᠮᠵᠢᠭᠤᠯᠤᠨ᠂ ᠶᠠᠮᠠᠷᠪᠠ ᠵᠠᠰᠠᠭ ᠵᠠᠬᠢᠷᠭᠠᠨ ᠤ ᠰᠢᠳᠬᠡᠯ ᠤᠨ ᠪᠠᠶᠢᠭᠤᠯᠭ᠎ᠠ ᠴᠥᠮ ᠲᠤᠬᠠᠢ ᠶᠢᠨ ᠬᠥᠮᠦᠨ ᠢ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠵᠠᠯᠠᠷᠠᠭᠤᠯᠤᠭᠤᠯᠬᠤ ᠡᠷᠬᠡ ᠪᠠ ᠲᠤᠰᠢᠶᠠᠯ ᠬᠠᠷᠢᠭᠤᠴᠠᠯᠭ᠎ᠠ ᠲᠠᠢ ᠪᠠᠶᠢᠳᠠᠭ᠃ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠲᠤᠬᠠᠢ ᠶᠢᠨ ᠬᠥᠮᠦᠨ ᠢ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ︵ᠴᠢᠨᠦ ᠬᠡᠯᠡᠵᠦ ᠪᠠᠶᠢᠭ᠎ᠠ ︽ᠵᠠᠷᠯᠢᠭᠳᠠᠨ ᠴᠡᠭᠴᠡᠯᠡᠭᠦᠯᠬᠦ ᠵᠠᠷᠯᠢᠭ ᠤᠨ ᠪᠢᠴᠢᠭ︾ ᠪᠠᠭᠲᠠᠨ᠎ᠠ︶ ᠶᠢ ᠨᠢ ᠵᠠᠯᠠᠷᠠᠭᠤᠯᠤᠭᠤᠯᠬᠤ ᠨᠢ ᠵᠠᠰᠠᠭ ᠵᠠᠬᠢᠷᠭᠠᠨ ᠤ ᠵᠠᠷᠯᠢᠭ ᠤᠨ ᠦᠢᠯᠡ ᠠᠵᠢᠯᠯᠠᠭ᠎ᠠ ᠳᠤ ᠲᠣᠭᠠᠴᠠᠭᠳᠠᠨ᠎ᠠ᠃ ︽ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ︵2023︶ ᠶᠢᠨ 23 ᠳ᠋ᠤᠭᠠᠷ ᠵᠦᠢᠯ ᠳᠤ ᠲᠣᠭᠲᠠᠭᠠᠭᠰᠠᠨ ᠪᠠᠶᠢᠳᠠᠯ ᠲᠠᠢ ᠬᠠᠷᠢᠴᠠᠭᠤᠯᠵᠤ ᠦᠵᠡᠪᠡᠯ᠂ ᠲᠡᠷᠡ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠠᠴᠠ ᠡᠮᠦᠨᠡᠬᠢ ᠬᠡᠪᠴᠢᠶᠡᠨ ᠳᠤ ᠬᠠᠷᠢᠶᠠᠯᠠᠭᠳᠠᠬᠤ ᠥᠬᠡᠶ᠃ ᠡᠶᠢᠮᠦ ᠠᠴᠠ᠂ ᠲᠤᠬᠠᠢ ᠶᠢᠨ ᠬᠥᠮᠦᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠠᠷᠭᠠᠭᠰᠠᠨ ︽ᠲᠤᠬᠠᠢ ᠶᠢᠨ ᠬᠥᠮᠦᠨ ᠢ ᠵᠠᠷᠯᠢᠭᠳᠠᠨ ᠬᠠᠤᠯᠢ ᠶᠢ ᠵᠥᠷᠢᠴᠡᠭᠰᠡᠨ ᠢ ᠵᠠᠯᠠᠷᠠᠭᠤᠯᠤᠭᠤᠯᠬᠤ︾ ᠵᠠᠰᠠᠭ ᠵᠠᠬᠢᠷᠭᠠᠨ ᠤ ᠵᠠᠷᠯᠢᠭ ᠤᠨ ᠦᠢᠯᠡ ᠠᠵᠢᠯᠯᠠᠭ᠎ᠠ ︵︽ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠵᠠᠷᠯᠢᠭ ᠤᠨ ᠪᠢᠴᠢᠭ︾ ᠪᠠᠭᠲᠠᠨ᠎ᠠ︶ ᠶᠢ ᠵᠥᠪᠰᠢᠶᠡᠷᠡᠬᠦ ᠦᠭᠡᠢ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠲᠠᠬᠢᠨ ᠵᠥᠪᠯᠡᠭᠦᠯᠬᠦ ᠪᠠᠷ ᠭᠤᠶᠤᠴᠢᠯᠠᠵᠤ ᠪᠣᠯᠤᠨ᠎ᠠ᠂ ᠲᠠᠬᠢᠨ ᠵᠥᠪᠯᠡᠭᠰᠡᠨ ᠦᠷ᠎ᠡ ᠳ᠋ᠦᠩ ᠢ ᠵᠥᠪᠰᠢᠶᠡᠷᠡᠬᠦ ᠦᠭᠡᠢ ᠪᠠᠶᠢᠪᠠᠯ ᠲᠠᠬᠢᠨ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠂ ᠰᠢᠭᠤᠳ ᠵᠠᠰᠠᠭ ᠵᠠᠬᠢᠷᠭᠠᠨ ᠤ ᠵᠠᠷᠭᠤ ᠬᠢᠭᠰᠡᠨ ᠴᠦ ᠪᠣᠯᠤᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号