ᠥᠪᠥᠷ ᠮᠣᠩᠭᠤᠯ ᠦᠶᠡᠷ ᠢ ᠰᠡᠷᠭᠡᠶᠢᠯᠡᠬᠦ ᠳᠥᠷᠪᠡᠳᠦᠭᠡᠷ ᠳᠡᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/8/1
    ᠰᠤᠷᠪᠤᠯᠵᠢᠯᠠᠭᠴᠢ 7 ᠰᠠᠷ᠎ᠠ ᠶᠢᠨ 31 ᠤ ᠡᠳᠦᠷ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠴᠠᠭ ᠠᠭᠤᠷ ᠤᠨ ᠰᠠᠯᠠᠭ᠎ᠠ ᠮᠥᠴᠢᠷ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠢᠷᠡᠬᠦ ᠭᠤᠷᠪᠠᠨ ᠡᠳᠦᠷ ᠲᠤ ᠵᠡᠭᠦᠨ ᠬᠤᠶᠢᠲᠤ ᠣᠷᠣᠨ ᠤ ᠶᠡᠬᠡᠩᠬᠢ ᠭᠠᠵᠠᠷ ᠲᠤ ᠶᠡᠭᠡ ᠪᠣᠷᠣᠭᠠᠨ ᠣᠷᠣᠵᠤ᠂ ᠬᠡᠰᠡᠭ ᠭᠠᠵᠠᠷ ᠲᠤ ᠰᠢᠷᠦᠭᠦᠨ ᠪᠣᠷᠣᠭᠠᠨ ᠣᠷᠣᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠵᠡᠷᠭᠡ ᠭᠠᠵᠠᠷ ᠣᠷᠣᠨ ᠤ ᠦᠶᠡᠷ ᠤᠰᠤᠲᠤᠯ ᠤᠨ ᠭᠠᠮᠰᠢᠭ ᠤᠨ ᠠᠶᠤᠯ ᠲᠦᠭᠰᠢᠭᠦᠷᠢ ᠨᠡᠯᠢᠶᠡᠳ ᠶᠡᠭᠡ ᠪᠠᠶᠢᠨ᠎ᠠ᠃    ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠶᠡᠷᠦᠩᠬᠡᠶ ᠵᠢᠯᠣᠭᠤᠳᠬᠤ ᠭᠠᠵᠠᠷ 31 ᠤ ᠡᠳᠦᠷ ᠤᠨ 11 ᠴᠠᠭ ᠲᠤ ᠥᠪᠥᠷ ᠮᠣᠩᠭᠤᠯ ᠳᠤ ᠴᠢᠭᠯᠡᠭᠦᠯᠦᠨ ᠦᠶᠡᠷ ᠢ ᠰᠡᠷᠭᠡᠶᠢᠯᠡᠬᠦ ᠳᠥᠷᠪᠡᠳᠦᠭᠡᠷ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠪᠡ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号