ᠤᠨᠢᠨ ᠳᠡᠭᠡᠷ᠎ᠡ ᠨᠢ ᠬᠠᠮᠢᠶᠠᠷᠴᠤ᠂ ᠦᠢᠯᠡᠴᠢᠯᠡᠭᠡᠨ ᠤ ᠰᠢᠨ᠎ᠡ ᠶᠢ ᠡᠭᠦᠳᠴᠦ ᠶᠠᠰᠤ ᠴᠢᠨᠠᠷ ᠦᠷ᠎ᠡ ᠠᠰᠢᠭ ᠢ ᠲᠡᠭᠡᠭᠰᠢᠯᠡᠬᠦᠯᠤᠶ᠎ᠡ — ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ  ᠶᠢᠨ ᠬᠢᠨ ᠵᠡᠮᠳᠡᠭᠴᠦᠳ ᠤᠨ ᠠᠰᠠᠷᠠᠮᠵᠢ ᠶᠢᠨ ᠠᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/8/13
    ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠤᠨ ᠵᠢᠯ ︽ᠠᠷᠠᠳ ᠤᠨ ᠶᠠᠪᠤᠳᠠᠯ ᠠᠷᠠᠳ ᠤᠨ ᠲᠦᠯᠤᠬᠡ᠂ ᠠᠷᠠᠳ ᠤᠨ ᠶᠠᠪᠤᠳᠠᠯ ᠠᠷᠠᠳ ᠢᠶᠠᠨ ᠬᠠᠶᠢᠷᠠᠯᠠᠬᠤ︾ ᠠᠵᠢᠯ ᠤᠨ ᠣᠶᠢᠯᠠᠭᠠᠭᠳᠠᠬᠤᠨ ᠢ ᠢᠮᠠᠭᠲᠠ ᠪᠠᠲᠤ ᠴᠡᠭᠡᠵᠢᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠪᠠ ᠬᠦᠰᠡᠯ ᠡᠷᠡᠮᠡᠯᠵᠡᠯ ᠯᠦᠭᠡ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ᠵᠡᠮᠳᠡᠭᠴᠦᠳ ᠤᠨ ᠠᠰᠠᠷᠠᠮᠵᠢ ᠶᠢᠨ ᠨᠠᠷᠢᠯᠢᠭ ᠣᠨᠣᠴᠠᠲᠠᠢ ᠪᠠᠷ ᠬᠠᠮᠢᠶᠠᠷᠬᠤ ᠪᠠᠷ ᠭᠤᠣᠯᠳᠠᠯᠭ᠎ᠠ ᠪᠣᠯᠭᠠᠨ᠂ ᠲᠥᠷᠥ ᠶᠢᠨ ᠪᠣᠳᠣᠯᠭ᠎ᠠ ᠶᠢᠨ ᠰᠢᠰᠲ᠋ᠧᠮ ᠪᠠ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠲᠡᠭᠦᠯᠳᠡᠷᠵᠢᠭᠦᠯᠬᠦ ᠪᠠᠷ ᠪᠠᠷᠢᠴᠨ ᠪᠣᠯᠭᠠᠵᠤ᠂ ᠦᠨᠳᠦᠰᠦᠨ ᠪᠠᠳᠤᠯᠠᠭ᠎ᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠵᠡᠮᠳᠡᠭᠴᠦᠳ ᠤᠨ ᠠᠰᠠᠷᠠᠮᠵᠢ ᠶᠢᠨ ᠠᠵᠢᠯ ᠤᠨ ᠲᠠᠰᠤᠷᠠᠯᠲᠠ ᠦᠭᠡᠢ ᠰᠢᠨ᠎ᠡ ᠪᠠᠶᠢᠳᠠᠯ ᠳᠤ ᠵᠣᠬᠢᠴᠠᠵᠤ᠂ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠠᠬᠢᠭᠤᠯᠵᠠᠢ᠃ᠨᠢᠭᠡ᠂ ᠵᠡᠮᠳᠡᠭᠴᠦᠳ ᠤᠨ ︽ᠬᠤᠶᠠᠷ ᠨᠥᠬᠦᠪᠦᠷᠢ︾ ᠶᠢ ᠣᠯᠠᠨ ᠠᠷᠭ᠎ᠠ ᠪᠠᠷ ᠨᠠᠷᠢᠯᠢᠭ ᠣᠨᠣᠴᠠᠲᠠᠢ ᠬᠠᠮᠢᠶᠠᠷᠪᠠ    ︵ᠨᠢᠭᠡ︶ ᠪᠠᠷᠢᠮᠵᠢᠶ᠎ᠠ ᠶᠢ ᠳᠡᠭᠡᠭᠰᠢᠯᠡᠭᠦᠯᠵᠦ ᠣᠯᠠᠨ ᠲᠦᠮᠡᠨ ᠤ ︽ᠬᠠᠨᠤᠮᠵᠢ ᠶᠢᠨ ᠬᠡᠮᠵᠢᠶ᠎ᠡ︾ ᠶᠢ ᠲᠡᠭᠡᠭᠰᠢᠯᠡᠬᠦᠯᠪᠡ᠃ ᠰᠢᠯᠢ ᠶᠢᠨ ᠭᠤᠤᠯ ᠠᠶᠢᠮᠠᠭ ᠤᠨ ᠬᠢᠨ 2016 ᠣᠨ ᠤ 1 ᠳ᠋ᠤᠬᠡᠷ ᠰᠠᠷ᠎ᠠ ᠠᠴᠠ ᠡᠬᠢᠯᠡᠨ ᠵᠡᠮᠳᠡᠭᠴᠦᠳ ᠤᠨ ︽ᠬᠤᠶᠠᠷ ᠨᠥᠬᠦᠪᠦᠷᠢ︾ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠪᠠᠶᠢᠭᠤᠯᠵᠤ᠂ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠬᠤᠲᠠ ᠪᠠᠯᠭᠠᠰᠤ ᠶᠢᠨ ᠬᠥᠮᠥᠨ ᠪᠦᠷᠢ ᠵᠢᠯ ᠳᠤ 600 ᠲᠥᠭᠦᠷᠢᠭ᠂ ᠬᠥᠳᠡᠭᠡ ᠲᠣᠰᠬᠤᠨ ︵ᠮᠠᠯᠵᠢᠬᠤ ᠣᠷᠣᠨ︶ ᠤ ᠬᠥᠮᠥᠨ ᠪᠦᠷᠢ ᠵᠢᠯ ᠳᠤ 360 ᠲᠥᠭᠦᠷᠢᠭ ᠪᠤᠯᠭᠠᠪᠠ᠃ ᠨᠤᠴᠢᠳᠠᠢ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠪᠠᠷᠢᠮᠵᠢᠶ᠎ᠠ ᠶᠢ ᠬᠥᠮᠥᠨ ᠪᠦᠷᠢ ᠵᠢᠯ ᠳᠤ 500 ᠲᠥᠭᠦᠷᠢᠭ ᠪᠤᠯᠭᠠᠪᠠ᠃ 2017 ᠣᠨ ᠤ 3 ᠳ᠋ᠤᠭᠠᠷ ᠰᠠᠷ᠎ᠠ ᠳᠤ ᠵᠡᠮᠳᠡᠭᠴᠦᠳ ᠤᠨ ︽ᠬᠤᠶᠠᠷ ᠨᠥᠬᠦᠪᠦᠷᠢ︾ ᠶᠢᠨ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 100 ᠲᠥᠭᠦᠷᠢᠭ ᠪᠣᠯᠲᠠᠯ᠎ᠠ ᠳᠡᠭᠡᠭᠰᠢᠯᠡᠭᠦᠯᠪᠡ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠳᠤᠯᠠᠭᠠᠨ ᠪᠦᠯᠢᠶᠡᠨ ᠢᠨᠵᠧᠨᠧᠷᠢᠩ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ ᠦᠪᠤᠷ ᠮᠤᠩᠭᠤᠯ  ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤ ᠪᠠᠶᠢᠷᠢᠯᠠᠭᠤᠯᠤᠯᠲᠠ ᠶᠣᠰᠣᠭᠠᠷ ᠰᠢᠯᠢ ᠶᠢᠨ ᠭᠤᠤᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ ᠨᠤᠴᠢᠳᠠᠢ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠭᠤᠣᠯᠳᠠᠯᠭ᠎ᠠ ᠲᠠᠢ ᠠᠵᠢᠯ ᠪᠣᠯᠭᠠᠨ 2024 ᠣᠨ ᠤ 7 ᠳ᠋ᠤᠭᠠᠷ ᠰᠠᠷ᠎ᠠ ᠳᠤ ᠵᠡᠮᠳᠡᠭᠴᠦᠳ ᠤᠨ ︽ᠬᠤᠶᠠᠷ ᠨᠥᠬᠦᠪᠦᠷᠢ︾ ᠶᠢ ᠬᠥᠮᠥᠨ ᠪᠦᠷᠢ ᠳᠤ ᠰᠠᠷ᠎ᠠ ᠳᠤ 125 ᠲᠥᠭᠦᠷᠢᠭ ᠪᠣᠯᠭᠠᠨ ᠳᠡᠭᠡᠭᠰᠢᠯᠡᠭᠦᠯᠬᠦ ᠶᠢᠨ ᠬᠠᠮᠲᠤ ᠢᠵᠢ ᠪᠦᠷᠢᠳᠦᠭᠦᠯᠬᠦ ᠪᠡᠯᠡ ᠮᠥᠩᠭᠦ ᠶᠢ ᠦᠳᠲᠡᠷ ᠨᠠᠶᠢᠳᠠᠪᠤᠷᠢᠵᠢᠭᠤᠯᠵᠤ᠂ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠤ ᠳᠠᠷᠠᠭᠠᠬᠢ ᠵᠡᠮᠳᠡᠭᠴᠦᠳ ᠤᠨ ᠬᠤᠶᠠᠷ ᠨᠥᠬᠦᠪᠦᠷᠢ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠤᠯᠭᠤᠯ᠎ᠠ᠃    ︵ᠬᠤᠶᠠᠷ︶ ᠲᠣᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠵᠤ ᠪᠠᠶᠢᠭᠠᠳ ᠨᠥᠬᠦᠪᠦᠷᠢ ᠶᠢᠨ ︽ᠣᠨᠣᠪᠴᠢ ᠶᠢᠨ ᠬᠡᠮᠵᠢᠶ᠎ᠡ︾ ᠶᠢ ᠴᠢᠩᠭᠠᠷᠠᠭᠤᠯᠪᠠ᠃ ︽3+1︾ ᠶᠢᠨ ᠲᠣᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠬᠤ ᠲᠣᠭᠲᠠᠴᠠ ᠶᠢ ᠪᠠᠶᠢᠭᠤᠯᠵᠤ᠂ ᠠᠷᠠᠳ ᠤᠨ ᠶᠠᠪᠤᠳᠠᠯ ᠤᠨ ᠰᠠᠭᠤᠷᠢ ᠲᠤᠭ᠎ᠠ ᠪᠠᠷᠢᠮᠲᠠ ᠶᠢᠨ ᠦᠢᠯᠡᠳᠦᠯ ᠢ ᠪᠠᠳᠠᠷᠠᠭᠤᠯᠬᠤ ᠪᠠ ︽ᠰᠢᠯᠢ ᠶᠢᠨ ᠭᠤᠣᠯ ᠠᠶᠢᠮᠠᠭ ᠤᠨ ᠵᠡᠮᠳᠡᠭᠴᠦᠳ ᠤᠨ ᠬᠤᠶᠠᠷ ᠨᠥᠬᠦᠪᠦᠷᠢ ᠶᠢᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠬᠠᠮᠳᠤ ᠪᠠᠷ ᠭᠥᠷᠳᠡᠬᠦ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ︾ ᠶᠢ ᠳᠠᠷᠤᠮᠠᠯᠯᠠᠨ ᠲᠠᠷᠬᠠᠭᠠᠬᠤ ᠪᠠᠷ ᠳᠡᠮᠵᠢᠨ᠂ ᠠᠷᠠᠳ ᠤᠨ ᠶᠠᠪᠤᠳᠠᠯ ᠪᠠ ᠡᠯ᠎ᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠶᠢᠯᠡᠭᠦᠯᠵᠦ᠂ ᠲᠤᠭ᠎ᠠ ᠪᠠᠷᠢᠮᠲᠠ ᠶᠢ ᠬᠠᠮᠳᠤ ᠪᠠᠷ ᠭᠥᠷᠳᠡᠬᠦ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠰᠠᠷ᠎ᠠ ᠶᠢᠨ ᠰᠡᠭᠦᠯᠴᠢ ᠳᠤ 3 ᠬᠠᠷᠭᠤᠭᠤᠯᠤᠭᠰᠠᠨ᠂ ᠰᠠᠷ᠎ᠠ ᠳᠤ 1 ᠬᠠᠷᠭᠤᠭᠤᠯᠤᠭᠰᠠᠨ ᠵᠡᠮᠳᠡᠭᠴᠦᠳ ᠤᠨ ︽ᠬᠤᠶᠠᠷ ᠨᠥᠬᠦᠪᠦᠷᠢ︾ ᠶᠢ ᠬᠠᠷᠭᠤᠭᠤᠯᠬᠤ ᠲᠣᠭᠲᠠᠴᠠ ᠶᠢ ᠪᠣᠶ ᠪᠣᠯᠭᠠᠪᠠ᠃ ᠰᠠᠷ᠎ᠠ ᠪᠦᠷᠢ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠢ᠂ ᠬᠡᠦᠬᠡᠳ᠂ ᠳᠡᠭᠳᠡᠭᠡᠬᠦ᠂ ᠡᠷᠦᠬᠡ ᠠᠮᠠ ᠶᠢᠨ ᠲᠠᠩᠰᠠ ᠶᠢ ᠬᠤᠪᠢᠷᠠᠭᠤᠯᠬᠤ᠂ ᠵᠡᠮᠳᠡᠭᠴᠦᠳ ᠤᠨ ᠰᠢᠨᠵᠢ ᠴᠢᠨᠠᠷ ᠢ ᠬᠤᠪᠢᠷᠠᠭᠤᠯᠬᠤ᠂ ᠠᠵᠤ ᠦᠢᠯᠡᠳᠪᠦᠷᠢ ᠬᠤᠳᠠᠯᠳᠤᠭᠠᠨ ᠤ ᠳᠠᠭᠠᠳᠬᠠᠯ᠂ ᠦᠬᠦᠯ ᠵᠡᠷᠭᠡ ᠶᠢᠨ ᠮᠡᠳᠡᠭᠡ ᠵᠠᠩᠭᠢ ᠶᠢ ᠪᠥᠬᠦ ᠲᠠᠯ᠎ᠠ ᠪᠠᠷ ᠬᠠᠷᠭᠤᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠬᠤ ᠪᠠᠷ ᠳᠡᠮᠵᠢᠨ ᠰᠡᠵᠢᠭ ᠲᠠᠢ ᠲᠤᠭ᠎ᠠ ᠪᠠᠷᠢᠮᠲᠠ ᠶᠢ ᠴᠡᠭᠴᠡᠯᠡᠬᠦ ᠠᠵᠢᠯ ᠢ ᠴᠠᠭ ᠲᠤᠬᠠᠢ ᠳᠤ ᠨᠢ ᠰᠠᠶᠢᠲᠤᠷ ᠠᠳᠬᠤᠵᠤ᠂ ᠨᠥᠬᠦᠪᠦᠷᠢ ᠣᠯᠭᠤᠬᠤ ᠠᠵᠢᠯ ᠢ ᠨᠠᠷᠢᠯᠢᠭ ᠣᠨᠣᠴᠠᠲᠠᠢ᠂ ᠥᠨᠳᠥᠷ ᠪᠦᠲᠦᠮᠵᠢᠲᠡᠶ ᠶᠠᠪᠤᠬᠳᠠᠭᠤᠯᠵᠠᠢ᠃    ︵ᠭᠤᠷᠪᠠ︶ ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠲᠡᠬᠦᠯᠳᠡᠷᠵᠢᠬᠦᠯᠪᠡ᠃ ᠵᠡᠮᠳᠡᠭᠴᠦᠳ ᠤᠨ ᠬᠤᠶᠠᠷ ᠨᠥᠬᠦᠪᠦᠷᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠨᠥᠬᠦᠨ ᠰᠢᠩᠭᠡᠭᠡᠬᠦ ᠠᠵᠢᠯ ᠢ ᠥᠷᠨᠢᠭᠦᠯᠵᠦ᠂ ᠪᠥᠬᠦ ᠤᠯᠤᠰ ᠤᠨ ᠵᠡᠮᠳᠡᠭᠴᠦᠳ ᠤᠨ ︽ᠬᠤᠶᠠᠷ ᠨᠥᠬᠦᠪᠦᠷᠢ︾ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠡᠯᠧᠺᠲᠷᠣᠨ ᠲᠠᠩᠰᠠ ᠡᠪᠬᠡᠮᠡᠯ ᠤᠨ ᠪᠦᠷᠢᠨ ᠪᠦᠲᠦᠨ ᠪᠤᠯᠭᠠᠪᠠ᠃ ᠵᠡᠮᠳᠡᠭᠴᠦᠳ ᠤᠨ ︽ᠬᠤᠶᠠᠷ ᠨᠥᠬᠦᠪᠦᠷᠢ︾ ᠶᠢ ᠭᠥᠷᠳᠡᠵᠦ ᠪᠠᠶᠢᠭ᠎ᠠ 2 ᠲᠦᠮᠡ ᠭᠠᠷᠤᠢ ᠬᠥᠮᠥᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠦᠨᠡᠮᠯᠡᠯ᠂ ᠵᠡᠮᠳᠡᠭᠴᠦᠳ ᠤᠨ ᠦᠨᠡᠮᠯᠡᠯ ᠤᠨ ᠪᠠᠩᠬᠢ ᠶᠢᠨ ᠺᠠᠷᠲ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠬᠢᠨᠠᠨ ᠪᠠᠶᠢᠴᠠᠭᠠᠵᠤ᠂ ᠳᠤᠲᠠᠭᠳᠠᠵᠤ ᠪᠠᠶᠢᠭ᠎ᠠ ᠡᠯᠧᠺᠲᠷᠣᠨ ᠲᠠᠩᠰᠠ ᠡᠪᠬᠡᠮᠡᠯ ᠢ ᠴᠠᠭ ᠲᠤᠬᠠᠢ ᠳᠤ ᠨᠢ ᠨᠥᠬᠦᠨ ᠰᠢᠩᠭᠡᠭᠡᠵᠦ ᠳᠡᠭᠡᠭᠰᠢ ᠲᠠᠮᠵᠢᠭᠤᠯᠪᠠ᠃ ᠬᠤᠶᠠᠷ᠂ ᠦᠨᠡᠨ ᠬᠦ ᠠᠳᠬᠤᠨ ᠪᠣᠳᠠᠲᠠᠢ ᠪᠠᠷ ᠠᠵᠢᠯᠯᠠᠵᠤ᠂ ᠠᠷᠠᠳ ᠤᠨ ᠶᠠᠪᠤᠳᠠᠯ ᠤᠨ ᠬᠢᠨ ᠤ ᠤᠶᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠲᠡᠭᠡᠭᠰᠢᠯᠡᠬᠦᠯᠪᠡ    ︵ᠨᠢᠭᠡ︶ ᠦᠨᠡᠯᠡᠯᠲᠡ ᠪᠠᠷ ᠥᠭᠡᠷᠡᠴᠢᠯᠡᠯᠲᠡ ᠶᠢ ᠠᠬᠢᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠳᠡᠭᠡᠭᠰᠢᠯᠡᠭᠦᠯᠦᠯᠲᠡ ᠶᠢ ᠲᠡᠮᠵᠢᠪᠡ 2020 ᠣᠨ ᠳᠤ ᠰᠢᠯᠢ ᠶᠢᠨ ᠭᠤᠣᠯ ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶ᠎ᠠ ︽ᠭᠤᠷᠪᠠᠳᠤᠭᠠᠷ ᠳᠡᠰ ᠤᠨ ᠮᠡᠳᠡᠷᠡᠯ ᠤᠨ ᠡᠪᠡᠳᠴᠢᠨ ᠤ ᠲᠤᠰᠬᠠᠢ ᠡᠮᠨᠡᠯᠭᠡ ᠶᠢᠨ ᠬᠤᠷᠢᠶ᠎ᠠ︾ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ 2024 ᠣᠨ ᠳᠤ ᠨᠡᠶᠢᠲᠡᠯᠡᠭᠰᠡᠨ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠯᠲᠠ ᠶᠢᠨ ᠬᠢᠷᠢ ᠪᠦᠲᠦᠮᠵᠢ ᠶᠢᠨ ᠳᠣᠲᠣᠷ᠎ᠠ ᠡᠮᠨᠡᠯᠭᠡ ᠶᠢᠨ ᠬᠤᠷᠢᠶ᠎ᠠ ᠶᠢᠨ ᠨᠡᠷᠡᠰ ᠤᠨ ᠵᠢᠭᠰᠠᠭᠠᠯᠲᠠ 2022 ᠣᠨ ᠳᠤ 66 ᠪᠠᠶᠢᠭᠰᠠᠨ ᠠᠴᠠ ᠪᠠᠨ 50 ᠪᠣᠯᠵᠤ ᠳᠡᠪᠰᠢᠪᠡ᠃ ᠰᠢᠯᠢ ᠶᠢᠨ ᠭᠤᠣᠯ ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶ᠎ᠠ ᠦᠷᠭᠦᠯᠵᠢᠯᠡᠨ ᠬᠦᠴᠦᠯᠡᠨ ᠴᠢᠷᠮᠠᠶᠢᠵᠤ᠂ ᠪᠡᠷᠬᠡ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠤᠯᠤᠰ ᠤᠨ ᠭᠤᠷᠪᠠᠳᠤᠭᠠᠷ ᠳᠡᠰ ᠤᠨ ᠬᠥᠬᠡ ᠲᠠᠰ ᠤᠨ ᠲᠤᠰᠬᠠᠢ ᠡᠮᠨᠡᠯᠭᠡ ᠶᠢᠨ ᠬᠤᠷᠢᠶ᠎ᠠ ᠶᠢᠨ ᠬᠢᠨᠠᠨ ᠲᠣᠭᠲᠠᠭᠠᠬᠤ ᠪᠠᠷᠢᠮᠵᠢᠶ᠎ᠠ ᠲᠠᠢ ᠬᠠᠷᠢᠴᠠᠭᠤᠯᠤᠨ᠂ ᠬᠠᠷᠠᠯᠲᠠ᠂ ᠴᠠᠭ᠂ ᠬᠤᠭᠤᠴᠠᠭ᠎ᠠ ᠲᠣᠭᠲᠠᠭᠠᠵᠤ᠂ ᠬᠢᠨᠠᠮᠠᠭᠠᠢ ᠳᠢᠭᠯᠡᠵᠦ᠂ ᠭᠡᠭᠡᠭᠳᠡᠵᠦ ᠣᠷᠬᠢᠭᠳᠠᠭᠰᠠᠨ ᠢ ᠪᠠᠶᠢᠴᠠᠭᠠᠨ ᠨᠥᠬᠦᠪᠦᠷᠢᠯᠡᠵᠦ᠂ ︽ᠭᠤᠷᠪᠠᠳᠤᠭᠠᠷ ᠳᠡᠰ ᠤᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠪᠡ᠃ ︽ᠭᠤᠷᠪᠠᠨ ᠬᠥᠬᠡ︾ ᠶᠢᠨ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠠᠵᠢᠯ ᠢ ᠠᠰᠢᠭᠯᠠᠨ ᠂ ᠡᠮᠨᠡᠯᠭᠡ ᠶᠢᠨ ᠬᠤᠷᠢᠶ᠎ᠠ ᠶᠢᠨ ᠶᠠᠰᠤ ᠴᠢᠨᠠᠷ ᠬᠢᠭᠡᠳ ᠠᠶᠤᠯ ᠦᠬᠡᠢ ᠶᠢᠨ ᠬᠠᠮᠢᠶᠠᠷᠤᠯᠲᠠ ᠶᠢᠨ ᠰᠢᠰᠲ᠋ᠧᠮ ᠢ ᠳᠠᠬᠢᠨ ᠳᠡᠭᠡᠭᠰᠢᠯᠡᠭᠦᠯᠵᠦ᠂ ᠳᠠᠬᠢᠨ ᠴᠢᠩᠭᠠᠷᠠᠭᠤᠯᠵᠤ᠂ ᠳᠠᠬᠢᠨ ᠨᠠᠶᠢᠳᠠᠪᠤᠷᠢᠵᠢᠭᠤᠯᠤᠨ᠎ᠠ᠃ ︽ᠭᠤᠷᠪᠠᠨ ᠬᠥᠬᠡ︾ ᠶᠢᠨ ᠡᠮᠨᠡᠯᠭᠡ ᠶᠢᠨ ᠬᠤᠷᠢᠶ᠎ᠠ ᠶᠢᠨ ᠬᠦᠰᠡᠯ ᠡᠷᠡᠮᠡᠯᠵᠡᠯ ᠪᠠ ᠬᠦᠰᠡᠯ ᠡᠷᠡᠮᠡᠯᠵᠡᠯ ᠢ ᠡᠭᠦᠳᠴᠦ᠂ ᠣᠶᠤᠨ ᠰᠠᠨᠠᠭᠠᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠲᠡᠭᠡᠭᠰᠢᠯᠡᠬᠦᠯᠪᠡ᠃    ︵ᠬᠤᠶᠠᠷ︶ ᠴᠢᠳᠠᠪᠤᠷᠢ ᠪᠠᠷ ᠰᠢᠯᠢᠳᠡᠭ ᠢ ᠠᠬᠢᠭᠤᠯᠤᠨ ᠴᠢᠳᠠᠪᠤᠷᠢ ᠶᠢ ᠳᠡᠭᠡᠭᠰᠢᠯᠡᠭᠦᠯᠵᠦ᠂ ᠪᠤᠶᠢᠵᠢᠭᠤᠯᠬᠤ ᠶᠢ ᠤᠶᠠᠯᠳᠤᠭᠤᠯᠤᠨ ᠬᠥᠭᠵᠢᠭᠦᠯᠬᠦ ᠪᠠᠷ ᠴᠢᠷᠮᠠᠶᠢᠪᠠ     ᠰᠢᠯᠢ ᠶᠢᠨ ᠭᠤᠣᠯ ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶ᠎ᠠ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ 4 ᠴᠢᠳᠠᠪᠤᠷᠢᠲᠠᠨ᠂ ᠠᠰᠫᠢᠷᠠᠨᠲ 4 ᠣᠷᠣᠭᠤᠯᠤᠨ ᠠᠪᠴᠢᠷᠠᠵᠤ᠂ ᠣᠷᠣᠨ ᠲᠤᠭ᠎ᠠ ᠳᠤ ᠪᠠᠶᠢᠭ᠎ᠠ 32 ᠠᠵᠢᠯᠲᠠᠨ ᠡᠯᠰᠡᠵᠦ᠂ ᠪᠥᠬᠦ ᠰᠤᠷᠭᠠᠭᠤᠯᠢ ᠶᠢᠨ ᠡᠯ᠎ᠡ ᠰᠠᠯᠠᠭ᠎ᠠ ᠲᠠᠰᠤᠭ ᠤᠨ ᠠᠵᠢᠯᠲᠠᠨ ᠨᠡᠶᠢᠲᠡ 58 ᠥᠭᠦᠯᠡᠯ ᠨᠡᠶᠢᠲᠡᠯᠡᠭᠦᠯᠵᠡᠢ᠃ ᠮᠣᠩᠭᠤᠯ ᠡᠮᠨᠡᠯᠭᠡ ᠶᠢᠨ ᠪᠡᠶ᠎ᠡ ᠰᠡᠳᠬᠢᠴᠡ ᠶᠢᠨ ᠡᠮᠨᠡᠯᠭᠡ ᠶᠢᠨ ᠰᠠᠯᠠᠭ᠎ᠠ ᠶᠢ ᠨᠡᠭᠡᠭᠡᠬᠦ ᠪᠠᠷ ᠳᠠᠮᠵᠢᠭᠤᠯᠤᠨ᠂ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠶᠢᠨ ︽ᠰᠢᠶᠣᠣ ᠵᠠᠨ ᠵᠢᠶᠦ᠋ᠨ ᠤ ᠨᠠᠷᠠᠲᠤ ᠡᠮᠴᠢ ᠶᠢᠨ ᠠᠵᠢᠯᠯᠠᠬᠤ ᠲᠠᠰᠤᠭ︾ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠲᠢᠶᠠᠨᠵᠢᠨ ᠬᠤᠲᠠ ᠶᠢᠨ ᠠᠨ ᠳ᠋ᠢᠩ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠴᠧᠩ ᠨᠠᠨ ᠬᠢᠲᠠᠳ ᠡᠮᠨᠡᠯᠭᠡ ᠶᠢᠨ ᠬᠤᠷᠢᠶ᠎ᠠ ᠯᠤᠭ᠎ᠠ ᠪᠥᠬᠦ ᠲᠠᠯ᠎ᠠ ᠶᠢᠨ ᠲᠤᠬᠠᠶᠢᠯᠠᠭᠰᠠᠨ ᠠᠵᠢᠯ ᠤᠨ ᠬᠠᠮᠵᠢᠯᠴᠠᠬᠤ ᠬᠠᠷᠢᠴᠠᠭ᠎ᠠ ᠪᠠᠶᠢᠭᠤᠯᠵᠤ᠂ ᠡᠮᠴᠢᠯᠡᠭᠡᠨ ᠤ ᠭᠠᠳᠠᠷ ᠰᠠᠯᠠᠭᠠᠨ ᠤ ᠲᠤᠰᠬᠠᠢ ᠮᠡᠷᠭᠡᠵᠢᠯ ᠪᠠ ᠡᠮᠴᠢᠯᠡᠭᠡᠨ ᠤ ᠡᠬᠢ ᠪᠠᠶᠠᠯᠢᠭ ᠢ ᠬᠠᠮᠳᠤ ᠪᠠᠷ ᠡᠳ᠋ᠯᠡᠵᠤ᠂ ᠡᠮᠨᠡᠯᠭᠡ ᠶᠢᠨ ᠬᠤᠷᠢᠶ᠎ᠠ ᠶᠢᠨ ᠰᠢᠨᠵᠢᠯᠡᠭᠡᠨ ᠤ ᠰᠠᠯᠠᠭ᠎ᠠ ᠶᠢᠨ ᠬᠤᠭᠤᠰᠤᠨ ᠢ ᠨᠦᠬᠦᠪᠤᠷᠢᠯᠡᠭᠰᠡᠨ ᠤ ᠬᠠᠮᠳᠤ ᠣᠷᠣᠨ ᠤ ᠳᠣᠲᠣᠨ᠎ᠠ ᠭᠠᠳᠠᠨᠠᠬᠢ ᠣᠯᠠᠨ ᠨᠠᠷᠠᠲᠤ ᠲᠤᠰᠬᠠᠢ ᠮᠡᠷᠭᠡᠵᠢᠯᠲᠡᠨ ᠢ ᠡᠮᠨᠡᠯᠭᠡ ᠳᠤ ᠤᠷᠢᠵᠤ ᠡᠮᠨᠡᠭᠦᠯᠬᠦ᠂ ᠳᠠᠭᠠᠭᠤᠯᠤᠨ ᠰᠤᠷᠭᠠᠬᠤ ᠠᠵᠢᠯ ᠢ ᠥᠷᠨᠢᠭᠦᠯᠵᠦ᠂ 18 ᠲᠠᠯᠠᠪᠤᠷ ᠣᠨᠣᠯ ᠤᠨ ᠬᠢᠴᠢᠶᠡᠯᠯᠡᠭᠡ ᠶᠢ ᠥᠷᠨᠢᠭᠦᠯᠵᠦ᠂ 11 ᠡᠮᠨᠡᠯᠭᠡ ᠶᠢᠨ ᠠᠵᠢᠯᠲᠠᠨ ᠢ ᠪᠡᠭᠡᠵᠢᠩ᠂ ᠲᠢᠶᠠᠨᠵᠢᠨ᠂ ᠬᠤᠵᠧᠤ ᠵᠡᠷᠭᠡ ᠭᠠᠵᠠᠷ ᠤᠨ ᠨᠠᠷᠠᠲᠤ ᠡᠮᠨᠡᠯᠭᠡ ᠶᠢᠨ ᠬᠤᠷᠢᠶ᠎ᠠ ᠳᠤ ᠣᠴᠢᠭᠤᠯᠤᠨ ᠪᠣᠯᠪᠠᠰᠤᠷᠠᠭᠤᠯᠬᠤ᠂ ᠳᠦᠷᠢᠮ ᠲᠣᠭᠲᠠᠭᠠᠯ ᠢᠶᠠᠷ ᠪᠣᠯᠪᠠᠰᠤᠷᠠᠭᠤᠯᠵᠤ᠂ ᠲᠤᠰᠬᠠᠢ ᠮᠡᠷᠭᠡᠵᠢᠯᠲᠡᠨ ᠤ ᠳᠠᠪᠠᠭᠤᠯᠢᠭ ᠪᠠ ᠳᠡᠭᠡᠳᠦ ᠰᠢᠨ᠎ᠡ ᠮᠡᠷᠭᠡᠵᠢᠯ ᠤᠨ ᠴᠢᠳᠠᠪᠤᠷᠢᠲᠠᠨ ᠤ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠣᠶᠤᠨ ᠤ ᠡᠷᠡᠭᠦᠯ ᠬᠠᠮᠠᠭᠠᠯᠠᠯ ᠤᠨ ᠠᠵᠢᠯ ᠤᠨ ᠡᠩᠨᠡᠭᠡ ᠶᠢᠨ ᠪᠠᠶᠢᠭᠤᠯᠤᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃    ︵ᠭᠤᠷᠪᠠ︶ ᠠᠷᠭ᠎ᠠ ᠪᠣᠳᠣᠯᠭ᠎ᠠ ᠪᠠᠷ ᠡᠬᠢ ᠪᠠᠶᠠᠯᠢᠭ ᠢ ᠪᠠᠶᠢᠭᠤᠯᠤᠨ ᠲᠥᠪᠯᠡᠷᠡᠭᠦᠯᠬᠦ ᠶᠢ ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠦᠢᠯᠡᠴᠢᠯᠡᠭᠡ ᠶᠢ ᠪᠠᠳᠤᠯᠠᠪᠠ    ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠡᠮᠳᠡᠭᠴᠦᠳ ᠤᠨ ᠬᠤᠯᠪᠣᠭ᠎ᠠ ᠶᠢᠨ ᠬᠢᠨ ᠲᠠᠢ ᠬᠠᠮᠳᠤᠷᠠᠨ  ᠤ ︽ᠣᠶᠤᠨ ᠤ ᠰᠠᠭᠠᠳ ᠲᠠᠢ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠪᠠ ᠰᠢᠯᠵᠢᠭᠦᠯᠦᠨ ᠲᠠᠨᠢᠯᠴᠠᠭᠤᠯᠬᠤ ᠬᠠᠮᠢᠶᠠᠷᠤᠯᠲᠠ ᠶᠢᠨ ᠠᠷᠭ᠎ᠠ ᠶᠢ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤ ᠮᠡᠳᠡᠭᠳᠡᠯ︾ ᠢ ᠤᠯᠠᠮᠵᠢᠯᠠᠨ ᠲᠠᠷᠬᠠᠭᠠᠵᠤ᠂ ᠪᠥᠬᠦ ᠠᠶᠢᠮᠠᠭ ᠤᠨ ᠮᠡᠳᠡᠷᠡᠯ ᠤᠨ ᠪᠠ ᠡᠷᠡᠬᠦᠯᠵᠢᠬᠦᠯᠬᠦ ᠦᠢᠯᠡᠴᠢᠯᠡᠬᠡᠨ ᠤ ᠡᠬᠢ ᠪᠠᠶᠠᠯᠢᠭ ᠢ ᠠᠭᠤᠰᠤᠯᠴᠠᠭᠤᠯᠬᠤ ᠠᠵᠢᠯ ᠢ ᠤᠷᠢᠳᠴᠢᠯᠠᠨ ᠲᠥᠯᠥᠪᠯᠡᠨ ᠪᠠᠶᠢᠷᠢᠯᠠᠭᠤᠯᠵᠤ᠂ ᠮᠡᠳᠡᠷᠡᠯ ᠤᠨ ᠪᠠ ᠡᠷᠡᠬᠦᠯᠵᠢᠬᠦᠯᠬᠦ ᠦᠢᠯᠡᠴᠢᠯᠡᠬᠡᠨ ᠤ ᠠᠭᠤᠰᠤᠯᠴᠠᠯ ᠤᠨ ︽ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ ᠣᠨ ᠤ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ ᠲᠣᠭᠤᠷᠢᠨ ᠳᠤ 2024 ᠣᠨ ᠳᠤ ᠲᠥᠪ ᠤᠨ ᠪᠤᠶᠠᠨ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ 25 ᠲᠦᠮᠡᠨ ᠲᠥᠭᠦᠷᠢᠭ ᠣᠯᠬᠤ ᠪᠠᠷ ᠴᠢᠷᠮᠠᠶᠢᠵᠤ᠂ ᠠᠶᠢᠮᠠᠭ ᠬᠤᠲᠠ ᠶᠢᠨ ᠠᠰᠠᠷᠠᠮᠵᠢ ᠶᠢᠨ ᠱᠠᠩᠨᠠᠯᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ 60 ᠲᠦᠮᠡᠨ ᠲᠥᠭᠦᠷᠢᠭ ᠪᠤᠴᠠᠭᠠᠨ ᠥᠭᠬᠦ ᠪᠠᠷ ᠲᠣᠬᠢᠷᠠᠭᠤᠯᠤᠨ᠂ ᠮᠡᠳᠡᠷᠡᠯ ᠤᠨ ᠪᠠ ᠡᠷᠡᠬᠦᠯᠵᠢᠬᠦᠯᠬᠦ ᠦᠢᠯᠡᠴᠢᠯᠡᠬᠡᠨ ᠤ ᠠᠭᠤᠰᠤᠯᠴᠠᠯ ᠤᠨ ᠲᠥᠷᠥᠯ ᠵᠦᠢᠯ ᠢ ᠲᠤᠰᠠᠯᠠᠵᠤ᠂ ᠲᠣᠰ ᠵᠢᠯ ᠤᠨ ᠠᠵᠢᠯ ᠤᠨ ᠬᠠᠷᠠᠯᠲᠠ ᠪᠠᠨ ᠪᠡᠶᠡᠯᠡᠭᠦᠯᠬᠦ ᠶᠢ ᠪᠠᠳᠤᠯᠠᠬᠰᠠᠨ ᠪᠠᠶᠢᠨ᠎ᠠ᠃ ᠣᠲᠣ ᠪᠣᠯᠲᠠᠯ᠎ᠠ᠂ ᠪᠥᠬᠦ ᠠᠶᠢᠮᠠᠭ ᠲᠤ ᠨᠡᠶᠢᠲᠡ ᠣᠶᠣᠨ ᠤ ᠰᠠᠭᠠᠳ ᠲᠠᠢ ᠬᠦᠮᠦᠰ ᠪᠠᠶᠢᠭ᠎ᠠ 13 ᠨᠡᠶᠢᠭᠡᠮ ᠲᠣᠭᠤᠷᠢᠭ ᠲᠤ ᠡᠷᠡᠭᠦᠯᠵᠢᠯ ᠤᠨ ᠥᠷᠲᠡᠭᠡ ᠴᠡᠭ ᠶᠢ ᠪᠠᠶᠢᠭᠤᠯᠵᠤ᠂ ᠣᠶᠣᠨ ᠤ ᠰᠠᠭᠠᠳ ᠲᠠᠢ ᠬᠦᠮᠦᠰ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ 10 ᠭᠠᠵᠠᠷ ᠣᠷᠣᠨ ᠤ  ᠬᠢᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠴᠤ ᠦᠭᠭᠦ ᠠᠷᠭ᠎ᠠ ᠪᠠᠷ ᠲᠤᠰᠬᠠᠢ ᠮᠡᠷᠭᠡᠵᠢᠯ ᠤᠨ ᠠᠵᠢᠯᠳᠠᠳ ᠣᠶᠣᠨ ᠤ ᠰᠠᠭᠠᠳ ᠤᠨ ᠡᠪᠡᠳᠴᠢᠲᠡᠨ ᠤ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡ ᠶᠢ 19 ᠲᠠᠯᠠᠪᠤᠷ ᠥᠷᠨᠢᠭᠦᠯᠵᠦ᠂ ᠡᠷᠡᠬᠦᠯᠵᠢᠬᠦᠯᠬᠦ ᠦᠢᠯᠡᠴᠢᠯᠡᠭᠡ ᠶᠢ 1700 ᠭᠠᠷᠤᠢ ᠤᠳᠠᠭ᠎ᠠ ᠬᠦᠷᠲᠡᠭᠡᠭᠰᠡᠨ ᠪᠠᠶᠢᠨ᠎ᠠ
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号