ᠠᠷᠠᠳ ᠤᠨ ᠶᠠᠪᠤᠳᠠᠯ ᠤᠨ ᠬᠢᠨ ᠤ ᠰᠢᠭᠤᠷᠬᠠᠢ ᠮᠡᠳᠡᠭᠡ
ᠨᠡᠶᠢᠲᠡᠯᠡᠭᠰᠡᠨ ᠴᠠᠭ᠄
2024/8/13
         ᠠᠷᠠᠳ ᠤᠨ ᠶᠠᠪᠤᠳᠠᠯ ᠤᠨ ᠶᠠᠮᠤᠨ    ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠢᠨ ᠤᠷᠴᠢᠮ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ ᠲᠤᠬᠠᠢ ᠰᠠᠨᠠᠯ︾ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠠᠷᠠᠳ ᠤᠨ ᠶᠠᠪᠤᠳᠠᠯ ᠤᠨ ᠶᠠᠮᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠤᠷᠭᠠᠨ ᠤ ᠳᠡᠳ᠋ ᠳᠠᠷᠤᠭ᠎ᠠ ᠯᠢ ᠶᠦᠩ ᠰᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠵᠤ᠂ ︽ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠲᠥᠷᠥ ᠶᠢᠨ ᠪᠣᠳᠣᠯᠭ᠎ᠠ᠂ ᠠᠵᠢᠯ ᠲᠥᠷᠥᠯ᠂ ᠴᠢᠳᠠᠪᠤᠷᠢᠲᠠᠨ ᠵᠡᠷᠭᠡ ᠲᠠᠯ᠎ᠠ ᠪᠠᠷ ᠬᠡᠷᠬᠢᠨ ᠳᠡᠮᠵᠢᠯᠭᠡ ᠦᠵᠡᠭᠦᠯᠬᠦ︾ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃        ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤᠷᠴᠢᠮ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠠᠰᠠᠷᠠᠮᠵᠢ ᠶᠢᠨ ᠪᠠᠷᠢᠮᠵᠢᠶᠠᠵᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ 2025 ᠣᠨ ᠪᠣᠯᠬᠤ ᠳᠤ ᠪᠥᠬᠦ ᠣᠷᠣᠨ ᠤ ᠬᠡᠦᠬᠡᠳ ᠤᠨ ᠠᠰᠠᠷᠠᠮᠵᠢ ᠶᠢᠨ ᠬᠦᠷᠢᠶ᠎ᠡ ᠴᠠᠷᠠᠭ᠎ᠠ ᠳᠤ ᠬᠢ ᠪᠠᠷᠢᠮᠵᠢᠶ᠎ᠠ ᠶᠢᠨ ᠰᠢᠰᠲ᠋ᠧᠮ ᠤᠨ ᠪᠦᠲᠦᠴᠡ ᠶᠢ ᠨᠠᠩ ᠰᠢᠯᠢᠳᠡᠭᠵᠢᠭᠦᠯᠵᠦ᠂ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠂ ᠪᠦᠯᠬᠦᠮ ᠤᠨ ᠪᠠᠷᠢᠮᠵᠢᠶ᠎ᠠ ᠶᠢ ᠪᠦᠲᠦᠮᠵᠢᠲᠡᠶ ᠵᠣᠯᠭᠠᠭᠤᠯᠵᠤ᠂ ᠬᠡᠦᠬᠡᠳ ᠤᠨ ᠠᠰᠠᠷᠠᠮᠵᠢ ᠶᠢᠨ ᠭᠤᠣᠯ ᠪᠣᠯᠬᠤ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠶᠢ ᠬᠠᠮᠤᠷᠠᠬᠤ ᠪᠤᠯᠤᠨ᠎ᠠ᠃ 2035 ᠣᠨ ᠪᠣᠯᠬᠤ ᠳᠤ ᠪᠦᠬᠦ ᠣᠷᠣᠨ ᠤ ᠬᠡᠦᠬᠡᠳ ᠤᠨ ᠠᠰᠠᠷᠠᠮᠵᠢ ᠶᠢᠨ ᠬᠦᠷᠢᠶ᠎ᠡ ᠴᠠᠷᠠᠭ᠎ᠠ ᠳᠤ ᠬᠢ ᠪᠠᠷᠢᠮᠵᠢᠶ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠪᠦᠬᠦ ᠲᠠᠯ᠎ᠠ ᠶᠢ ᠪᠦᠷᠬᠦᠭᠦᠯᠵᠦ᠂ ᠪᠦᠲᠦᠴᠡ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ ᠵᠣᠬᠢᠴᠠᠩᠭᠤᠢ ᠢᠵᠢ ᠪᠦᠷᠢᠳᠦᠭᠦᠯᠵᠦ᠂ ᠰᠢᠨ᠎ᠡ ᠴᠠᠭ ᠦᠶ᠎ᠡ ᠶᠢᠨ ᠬᠡᠦᠬᠡᠳ ᠤᠨ ᠠᠰᠠᠷᠠᠮᠵᠢ ᠶᠢᠨ ᠦᠢᠯᠡᠰ ᠤᠨ ᠴᠢᠨᠠᠷᠯᠢᠭ ᠬᠥᠭᠵᠢᠯᠲᠡ ᠶᠢ ᠪᠦᠬᠦ ᠲᠠᠯ᠎ᠠ ᠪᠠᠷ ᠲᠤᠯᠭᠠᠭᠤᠷᠢᠯᠠᠬᠤ ᠪᠤᠯᠤᠨ᠎ᠠ᠃        ᠨᠡᠶᠢᠭᠡᠮ ᠤᠨ ᠲᠤᠰᠠᠯᠠᠮᠵᠢ    ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠤᠷᠤᠯᠭ᠎ᠠ ᠪᠠᠭ᠎ᠠ ᠬᠦᠮᠦᠰ  ᠤᠨ ᠬᠥᠳᠡᠯᠦᠩᠭᠦᠢ ᠪᠠᠶᠢᠳᠠᠯ ᠢ ᠬᠢᠨᠠᠬᠤ ᠪᠠ ᠪᠠᠶᠢᠩᠭᠤᠵᠢᠭᠤᠯᠤᠨ ᠲᠡᠳᠬᠦᠬᠦ ᠠᠵᠢᠯ ᠤᠨ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠣᠷᠣᠯᠭ᠎ᠠ ᠪᠠᠭ᠎ᠠ ᠬᠦᠮᠦᠰ ᠤᠨ ᠬᠦᠳᠡᠯᠤᠩᠭᠦᠢ ᠪᠠᠶᠢᠳᠠᠯ ᠢ ᠬᠢᠨᠠᠵᠤ ᠰᠡᠷᠡᠮᠵᠢᠯᠡᠭᠦᠯᠬᠦ ᠲᠣᠭᠲᠠᠴᠠ ᠶᠢ ᠲᠡᠬᠦᠯᠳᠡᠷᠵᠢᠬᠦᠯᠤᠨ᠂ ᠣᠷᠣᠯᠭ᠎ᠠ ᠪᠠᠭ᠎ᠠ ᠬᠦᠮᠦᠰ ᠢ ᠰᠤᠷᠪᠤᠯᠵᠢᠯᠠᠵᠤ ᠣᠶᠢᠯᠠᠭᠠᠨ ᠲᠤᠰᠠᠯᠠᠬᠤ ᠠᠵᠢᠯ ᠢ ᠯᠠᠪᠳᠠᠭᠤᠨ ᠦᠷᠨᠢᠬᠦᠯᠤᠬᠡᠳ 8.4 ᠲᠦᠮᠡᠨ ᠬᠥᠮᠥᠨ ᠢ ᠰᠢᠯᠢ ᠶᠢᠨ ᠭᠤᠤᠯ ᠠᠶᠢᠮᠠᠭ ᠤᠨ ᠤᠷᠤᠯᠭ᠎ᠠ ᠪᠠᠭ᠎ᠠ ᠬᠦᠮᠦᠰ ᠢ ᠬᠢᠨᠠᠬᠤ ᠬᠡᠪᠴᠢᠶᠡᠨ ᠳᠤ ᠤᠷᠤᠭᠤᠯᠪᠠ᠃        ᠨᠡᠶᠢᠭᠡᠮ ᠤᠨ ᠶᠠᠪᠤᠳᠠᠯ    ᠪᠤᠭᠤᠲᠤ ᠬᠤᠲᠠ ᠶᠢᠨ ᠡᠯ᠎ᠡ ᠣᠷᠤᠭ ᠲᠠᠩᠰᠠᠯᠠᠬᠤ ᠭᠠᠵᠠᠷ ᠤᠨ ᠬᠢᠨ ︽ᠪᠢᠯᠢᠭ ᠤᠨ ᠲᠤᠯᠤᠳᠤᠭᠠᠷ ᠰᠠᠷ᠎ᠠ ᠶᠢᠨ ᠳᠣᠯᠣᠭᠠᠨ︾ ᠢ ᠢ ᠲᠤᠬᠢᠶᠠᠯᠳᠤᠭᠤᠯᠤᠨ 266 ᠰᠢᠨ᠎ᠡ ᠬᠤᠣᠰ ᠣᠷᠤᠭ ᠲᠠᠩᠰᠠᠯᠠᠭᠤᠯᠵᠤ᠂ ᠬᠠᠮᠲᠤ ᠶᠢᠨ ᠬᠤᠷᠢᠮ ᠤᠨ ᠶᠣᠰᠣᠯᠠᠯ 2 ᠲᠠᠯᠠᠪᠤᠷ᠂ ᠬᠠᠮᠲᠤ ᠶᠢᠨ ᠦᠨᠡᠮᠯᠡᠯ ᠣᠯᠭᠤᠬᠤ ᠶᠣᠰᠣᠯᠠᠯ 3 ᠲᠠᠯᠠᠪᠤᠷ᠂ ᠨᠠᠶᠢᠵᠠᠯᠠᠬᠤ ᠠᠵᠢᠯᠯᠠᠭ᠎ᠠ 3 ᠲᠠᠯᠠᠪᠤᠷ ᠡᠷᠭᠢᠯᠡᠵᠦ᠂ ᠣᠷᠣᠯᠴᠠᠭᠰᠠᠨ ᠬᠥᠮᠥᠨ ᠤ ᠲᠤᠭ᠎ᠠ 600 ᠭᠠᠷᠤᠢ ᠪᠣᠯᠵᠠᠢ᠃ ᠤᠯᠠᠨ ᠬᠡᠯᠪᠡᠷᠢ ᠶᠢᠨ ᠠᠵᠢᠯᠯᠠᠭ᠎ᠠ ᠪᠠᠷ ᠳᠠᠮᠵᠢᠭᠤᠯᠤᠨ ᠰᠢᠨ᠎ᠡ ᠬᠤᠤᠰ ᠤᠳ ᠲᠤ ᠤᠷᠤᠬ ᠤᠨ ᠰᠣᠶᠣᠯ ᠤᠨ ᠦᠨᠡᠨ ᠤᠳᠬ᠎ᠠ ᠶᠢ ᠣᠶᠢᠯᠠᠭᠠᠭᠤᠯᠵᠤ᠂ ᠤᠯᠠᠨ ᠲᠦᠮᠡᠨ ᠢ ᠤᠷᠤᠭ ᠢᠨᠠᠭ ᠤᠨ ᠵᠥᠪ ᠦᠵᠡᠯᠲᠡ᠂ ᠭᠡᠷ ᠪᠦᠯᠢ ᠶᠢᠨ ᠵᠥᠪ ᠦᠵᠡᠯᠲᠡ ᠶᠢ ᠪᠤᠢ ᠪᠣᠯᠭᠠᠬᠤ ᠲᠡᠶᠢᠰᠢ ᠵᠢᠯᠤᠭᠤᠳᠤᠬᠰᠠᠨ ᠪᠠᠶᠢᠨ᠎ᠠ ᠬᠡᠷᠡᠭᠲᠡᠢ᠃    ᠤᠯᠠᠭᠠᠨᠬᠠᠳᠠ ᠶᠢᠨ ᠠᠩᠬᠠᠳᠤᠭᠠᠷ ᠬᠤᠭᠤᠴᠠᠭᠠᠨ ᠤ ᠬᠤᠷᠢᠮ ᠤᠨ ᠰᠣᠶᠣᠯ ᠤᠷᠠᠯᠢᠭ ᠤᠨ ᠨᠠᠶᠢᠷ 8 ᠳ᠋ᠤᠭᠠᠷ ᠰᠠᠷ᠎ᠠ ᠶᠢᠨ 9 ᠠᠴᠠ 11 ᠳᠤ ᠬᠤᠩᠱᠠᠨ ᠲᠣᠭᠤᠷᠢᠭ ᠤᠨ ᠤᠯᠠᠭᠠᠨᠬᠠᠳᠠ ᠶᠢᠨ ᠬᠤᠷᠢᠮ ᠤᠨ ᠴᠡᠴᠡᠷᠯᠢᠭ ᠲᠤ ᠶᠠᠪᠤᠭᠳᠠᠪᠠ᠃ 50 ᠭᠠᠷᠤᠢ ᠬᠤᠣᠰ ᠤᠯᠤᠰ ᠤᠨ ᠬᠡᠪ ᠰᠤᠷᠲᠠᠯ ᠪᠠ ᠦᠨᠳᠦᠰᠦᠲᠡᠨ ᠤ ᠣᠨᠴᠠᠯᠢᠭ ᠪᠦᠬᠦᠢ ᠬᠠᠮᠲᠤ ᠶᠢᠨ ᠬᠤᠷᠢᠮ ᠤᠨ ᠶᠣᠰᠣᠯᠠᠯ ᠳᠤ ᠣᠷᠣᠯᠴᠠᠪᠠ᠃ ᠤᠯᠠᠭᠠᠨᠬᠠᠳᠠ ᠬᠤᠲᠠ ᠶᠢᠨ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ᠂ ᠤᠯᠠᠭ᠎ᠠ ᠦᠷᠳᠡᠭᠡ ᠶᠢᠨ ᠬᠢᠨ ᠤ 140 ᠵᠠᠯᠠᠭᠤᠴᠤᠳ ᠨᠠᠶᠢᠵᠠᠯᠠᠬᠤ ᠠᠵᠢᠯᠯᠠᠭ᠎ᠠ ᠳᠤ ᠣᠷᠣᠯᠴᠠᠪᠠ᠃ ᠡᠬᠦᠨ ᠳᠤ 24 ᠬᠤᠷᠢᠮ ᠤᠨ ᠶᠣᠰᠣᠯᠠᠯ ᠤᠨ ᠠᠵᠤ ᠠᠬᠤᠶᠢᠯᠠᠯ ᠤᠨ ᠬᠢᠨ 9 ᠳᠡᠯᠭᠡᠨ ᠪᠣᠷᠣᠯᠠᠭᠤᠯᠬᠤ ᠲᠣᠭᠤᠷᠢᠭ ᠭᠠᠷᠭᠠᠵᠤ᠂ 27 ᠵᠦᠢᠯ ᠤᠨ ᠠᠵᠢᠯ ᠲᠥᠷᠥᠯ ᠢ ᠬᠠᠮᠤᠷᠪᠠ᠃ ᠲᠤᠰ ᠠᠵᠢᠯᠯᠠᠭ᠎ᠠ ᠨᠢ 1. 6 ᠲᠦᠮᠡ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠠᠵᠤ ᠠᠬᠤᠢ ᠶᠢᠨ ᠦᠷ᠎ᠡ ᠠᠰᠢᠭ ᠢ 137 ᠲᠦᠮᠡᠨ ᠲᠥᠭᠦᠷᠢᠭ ᠡᠬᠦᠳᠦᠭᠰᠡᠨ ᠪᠠᠶᠢᠨ᠎ᠠ᠃        ᠨᠠᠰᠤᠵᠢᠯ ᠤᠨ ᠦᠢᠯᠡᠴᠢᠯᠡᠭᠡ    ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ᠨᠠᠰᠤᠳᠠᠶᠢᠴᠤᠳ ᠤᠨ ᠬᠤᠭᠤᠯᠠᠨ ᠲᠢᠩᠬᠢᠮ ᠡᠷᠭᠢᠯᠡᠬᠦ ᠪᠠᠷ ᠭᠤᠣᠯ ᠰᠢᠵᠢᠮ ᠪᠣᠯᠭᠠᠵᠤ᠂ ᠦᠢᠯᠡᠴᠢᠯᠡᠭᠡᠨ ᠤ ᠰᠢᠨ᠎ᠡ ᠠᠷᠭ᠎ᠠ ᠪᠠᠷ ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡᠨ ᠤ ᠠᠵᠢᠯ ᠤᠨ ᠲᠥᠰᠥᠯ ᠢ ᠨᠡᠶᠢᠲᠡᠯᠡᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ᠂ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡᠨ ᠤ ᠴᠡᠭ᠂ ᠬᠥᠳᠡᠭᠡ ᠲᠣᠰᠬᠤᠨ ᠤ ᠠᠰᠠᠷᠠᠮᠵᠢ ᠶᠢᠨ ᠬᠦᠷᠢᠶᠡᠯᠡᠩ ᠵᠡᠷᠭᠡ ᠶᠢ ᠠᠰᠢᠭᠯᠠᠨ ︽X + ᠬᠤᠭᠤᠯᠠ ᠤᠮᠳᠠ ᠳᠤ ᠲᠤᠰᠠᠯᠠᠬᠤ︾ ᠡᠵᠡᠩᠨᠡᠯᠲᠡ ᠶᠢᠨ ᠲᠠᠪᠴᠠᠩ ᠢ ᠪᠠᠶᠢᠭᠤᠯᠵᠤ᠂ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠪᠡ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ ᠡᠯ᠎ᠡ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠬᠤ ᠶᠢ ᠪᠠᠷᠢᠮᠲᠠᠯᠠᠵᠤ᠂ ᠴᠡᠭ ᠢᠶᠠᠷ ᠨᠡᠶᠢᠳᠡᠮ ᠢ ᠳᠠᠶᠢᠴᠢᠯᠠᠬᠤ᠂ ᠨᠠᠰᠤᠲᠠᠶᠢᠴᠤᠳ ᠤᠨ ᠬᠤᠭᠤᠯᠠ ᠤᠮᠳᠠ ᠶᠢᠨ ᠪᠦᠷᠬᠦᠴᠡ ᠶᠢ ᠢᠳᠡᠭ ᠢᠳᠡᠭ ᠢᠶᠠᠷ ᠥᠷᠭᠡᠳᠬᠡᠬᠦ ᠰᠠᠶᠢᠨ ᠰᠠᠶᠢᠬᠠᠨ ᠪᠠᠶᠢᠳᠠᠯ ᠢ ᠪᠣᠶ ᠪᠤᠯᠭᠠᠭᠠᠳ ᠤᠯᠠᠭᠠᠨᠴᠠᠪ ᠬᠤᠲᠠ ᠳᠤ ᠤᠳᠤ ᠨᠢᠭᠡᠨᠲᠡ 82 ᠬᠤᠭᠤᠯᠠᠨ ᠤ ᠦᠢᠯᠡᠴᠢᠯᠡᠭᠡᠨ ᠤ ᠴᠡᠭ ᠢ ᠪᠠᠶᠢᠭᠤᠯᠵᠤ᠂ ᠨᠠᠰᠤᠲᠠᠶᠢᠴᠤᠳ ᠤᠨ ᠬᠤᠭᠤᠯᠠᠨ ᠤ ᠦᠢᠯᠡᠴᠢᠯᠡᠭᠡᠨ ᠤ ᠲᠤᠤᠷᠵᠢᠯ ᠢ ᠤᠯᠠᠮ ᠥᠷᠭᠡᠳᠪᠡ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号