ᠮᠠᠨ ᠤ ᠣᠷᠣᠨ ᠤ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠷᠥᠯ ᠵᠦᠢᠯ ᠢ ᠵᠢᠯᠤᠭᠤᠳᠬᠤ ᠠᠵᠢᠯ ᠡᠷᠴᠢᠮᠳᠡᠢ ᠶᠠᠪᠤᠬᠳᠠᠵᠤ ᠪᠠᠶᠢᠨ᠎ᠠ
ᠨᠡᠶᠢᠲᠡᠯᠡᠭᠰᠡᠨ ᠴᠠᠭ᠄
2024/8/14
    ᠬᠥᠬᠡᠬᠤᠲᠠ᠂ ᠪᠠᠶᠠᠨᠨᠠᠭᠤᠷ ᠬᠤᠲᠠ᠂ ᠦᠬᠠᠢ ᠬᠤᠲᠠ ᠵᠡᠷᠭᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠤᠷᠴᠢᠮ ᠳᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠵᠢᠯ ᠤᠨ ᠨᠡᠶᠢᠭᠡᠮᠯᠢᠭ ᠤᠨ ᠲᠤᠰᠬᠠᠢ ᠮᠡᠷᠭᠡᠵᠢᠯᠲᠡᠳ ᠲᠠᠢ ᠬᠠᠮᠲᠤ ᠪᠠᠷ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠷᠥᠯ ᠵᠦᠢᠯ ᠤᠨ ᠡᠵᠡᠩᠨᠡᠯᠲᠡ ᠬᠠᠮᠢᠶᠠᠷᠤᠯᠲᠠ᠂ ᠴᠢᠳᠠᠪᠤᠷᠢ ᠶᠢᠨ ᠳᠡᠭᠡᠭᠰᠢᠯᠡᠯᠲᠡ ᠪᠠ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠲᠣᠭᠤᠷᠢᠨ ᠳᠤ ᠲᠤᠰᠬᠠᠢ ᠮᠡᠷᠭᠡᠵᠢᠯ ᠤᠨ ᠬᠢᠨᠠᠨ ᠵᠢᠯᠤᠭᠤᠳᠴᠤ ᠦᠨᠡᠯᠡᠪᠡ᠃ ᠲᠣᠰ ᠤᠳᠠᠭᠠᠨ ᠤ ᠵᠢᠯᠤᠭᠤᠳᠴᠤ ᠦᠨᠡᠯᠡᠬᠦ ᠠᠵᠢᠯ ᠤᠨ ᠵᠣᠷᠢᠯᠭ᠎ᠠ ᠨᠢ ᠨᠡᠶᠢᠭᠡᠮ ᠤᠨ ᠠᠵᠢᠯ ᠤᠨ ᠥᠷᠲᠡᠭᠡ ᠶᠢᠨ ᠵᠢᠷᠤᠮᠵᠢᠭᠤᠯᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠵᠦᠢᠯᠡᠰ ᠤᠨ ᠲᠤᠰᠬᠠᠶᠢᠵᠢᠬᠤ᠂ ᠨᠠᠷᠢᠯᠢᠭ ᠣᠨᠣᠴᠠᠲᠠᠢ ᠪᠣᠯᠬᠤ ᠲᠦᠪᠰᠢᠨ ᠢ ᠳᠡᠭᠡᠭᠰᠢᠯᠡᠭᠦᠯᠦᠨ᠂ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠨᠡᠶᠢᠭᠡᠮ ᠤᠨ ᠦᠢᠯᠡᠴᠢᠯᠡᠭᠡᠨ ᠤ ᠬᠠᠮ ᠬᠦᠴᠦᠨ ᠢ ᠲᠥᠪᠯᠡᠷᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠠᠶᠢᠵᠢᠷᠠᠭᠤᠯᠬᠤ ᠳᠤ ᠪᠤᠢ᠃ ᠵᠢᠯᠤᠭᠤᠳᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠬᠦ ᠪᠠ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠨᠡᠶᠢᠭᠡᠮ ᠤᠨ ᠠᠵᠢᠯ ᠤᠨ ᠥᠷᠲᠡᠭᠡ ᠳᠤ ᠵᠢᠯᠤᠭᠤᠳᠴᠤ ᠦᠨᠡᠯᠡᠨ᠂ ᠨᠡᠶᠢᠭᠡᠮ ᠤᠨ ᠠᠵᠢᠯ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠪᠠ ᠲᠥᠷᠥᠯ ᠵᠦᠢᠯ ᠤᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ᠂ ᠠᠵᠢᠯ ᠤᠨ ᠦᠷ᠎ᠡ ᠪᠦᠲᠦᠭᠡᠯ ᠪᠠ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠭᠦᠢᠴᠡᠳ ᠣᠶᠢᠯᠠᠭᠠᠨ᠂ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠬᠤ ᠶᠢᠨ ᠬᠠᠮᠲᠤ ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠳᠤᠷᠠᠳᠪᠠ ᠃ ᠡᠯ᠎ᠡ ᠵᠡᠭᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠪᠠ ᠳᠠᠭᠠᠭᠠᠨ ᠠᠪᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯᠲᠠᠳ ᠬᠠᠷᠢᠶᠠᠲᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠤᠰᠬᠠᠢ ᠦᠢᠯᠡᠴᠢᠯᠡᠭᠡ ᠥᠷᠨᠢᠭᠦᠯᠬᠦ ᠲᠤᠬᠠᠢ ᠲᠤᠷᠰᠢᠯᠭ᠎ᠠ ᠶᠢᠨ ᠣᠯᠣᠯᠲᠠ ᠲᠥᠷᠥᠭᠳᠡᠯ ᠢᠶᠠᠨ ᠬᠤᠪᠢᠶᠠᠯᠴᠠᠪᠠ᠃    ᠵᠢᠯᠤᠭᠤᠳᠬᠤ ᠳᠤᠭᠤᠶᠢᠯᠠᠩ ᠬᠢᠨ᠄ ︽ᠳᠦᠷᠢᠮ ᠤᠨ ᠪᠠᠶᠢᠭᠤᠯᠤᠯᠲᠠ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠨᠠᠷᠢᠯᠢᠭ ᠣᠨᠣᠴᠠᠲᠠᠢ ᠦᠢᠯᠡᠴᠢᠯᠡᠭᠡ ᠪᠠ ᠨᠢᠭᠦᠯᠡᠰᠦᠩᠭᠦᠢ ᠶᠢᠨ ᠡᠬᠢ ᠪᠠᠶᠠᠯᠢᠭ ᠤᠨ ᠬᠤᠯᠪᠣᠭᠠᠰᠤ ᠪᠣᠯ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠷᠥᠯ ᠵᠦᠢᠯ ᠢ ᠥᠷᠨᠢᠭᠦᠯᠬᠦ ᠶᠢᠨ ᠴᠢᠬᠤᠯᠠ ᠭᠤᠭᠴᠤᠭ᠎ᠠ ᠮᠥᠨ᠂ ᠨᠡᠶᠢᠭᠡᠮ ᠤᠨ ᠠᠵᠢᠯ ᠤᠨ ᠥᠷᠲᠡᠭᠡ ᠶᠢᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ︿ᠬᠥᠮᠥᠨ ᠳᠤ ᠴᠢᠳᠠᠪᠤᠷᠢ ᠣᠯᠭᠤᠵᠤ ᠣᠯᠠᠨ ᠲᠦᠮᠡᠨ ᠳᠤ ᠦᠢᠯᠡᠴᠢᠯᠡᠬᠦ﹀ ᠦᠢᠯᠡᠴᠢᠯᠡᠭᠡᠨ ᠤ ᠤᠶᠢᠯᠠᠭᠠᠬᠳᠠᠬᠤᠨ ᠢ ᠪᠠᠷᠢᠮᠲᠠᠯᠠᠨ᠂ ᠨᠡᠶᠢᠭᠡᠮ ᠲᠣᠭᠤᠷᠢᠭ ᠤᠨ ᠡᠬᠢ ᠪᠠᠶᠠᠯᠢᠭ ᠢ ᠢᠳᠡᠪᠬᠢᠲᠡᠢ ᠪᠠᠷ ᠡᠮᠬᠢᠯᠡᠨ᠂ ︽ᠲᠠᠪᠤᠨ ᠨᠡᠶᠢᠬᠡᠮ ᠬᠤᠯᠪᠤᠭᠠᠯᠠᠨ ᠬᠥᠳᠡᠯᠦᠯᠴᠡᠬᠦ︾ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠲᠤ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠬᠤ ᠶᠢ ᠬᠦᠰᠡᠵᠦ ᠪᠠᠶᠢᠨ᠎ᠠ︾ ᠭᠡᠵᠤ ᠲᠤᠷᠠᠳᠤᠬᠰᠠᠨ ᠪᠠᠶᠢᠨ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号