ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠪᠠᠩᠬᠢ ᠶᠢᠨ ᠬᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠤᠬᠦᠪᠴᠢ ᠵᠦᠪᠳᠡᠯᠴᠡᠬᠡᠷ ᠲᠤᠬᠳᠠᠪᠠ
ᠨᠡᠶᠢᠲᠡᠯᠡᠭᠰᠡᠨ ᠴᠠᠭ᠄
2024/8/14
ᠸᠠᠩ ᠯᠢ ᠰᠢᠶᠠ ᠭᠧ ᠬᠠᠢ ᠵᠢᠶᠣᠣ ᠲᠠᠢ ᠠᠭᠤᠯᠵᠠᠭᠰᠠᠨ ᠪᠥᠭᠡᠳ ᠭᠡᠷ᠎ᠡ ᠲᠣᠭᠲᠠᠬᠤ ᠶᠤᠰᠤᠯᠠᠯ ᠳᠤ ᠤᠷᠤᠯᠴᠠᠯ᠎ᠠ    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠪᠠᠩᠬᠢ ᠶᠢᠨ ᠬᠢᠨ 8 ᠳ᠋ᠤᠭᠠᠷ ᠰᠠᠷ᠎ᠠ ᠶᠢᠨ 13 ᠤ ᠡᠳᠦᠷ ᠬᠥᠬᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ᠂ ᠳᠤᠮᠳᠠᠳᠤ ᠤᠯᠤᠰ ᠤᠨ ᠪᠠᠩᠬᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠧ ᠬᠠᠢ ᠵᠢᠶᠣᠣ ᠨᠠᠷ ᠲᠠᠢ ᠠᠭᠤᠯᠵᠠᠭᠰᠠᠨ ᠪᠥᠭᠡᠳ ᠭᠡᠷ᠎ᠡ ᠲᠣᠭᠲᠠᠬᠤ ᠶᠢ ᠬᠠᠮᠳᠤ ᠪᠠᠷ ᠤᠷᠤᠯᠴᠠᠬᠰᠠᠨ ᠪᠠᠶᠢᠨ᠎ᠠ᠃ 
6385923704055021187368302.jpg
     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠪᠠᠩᠬᠢ ᠶᠢᠨ ᠬᠢᠨ 8 ᠳ᠋ᠤᠭᠠᠷ ᠰᠠᠷ᠎ᠠ ᠶᠢᠨ 13 ᠤ ᠡᠳᠦᠷ ᠬᠥᠬᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ᠂ ᠳᠤᠮᠳᠠᠳᠤ ᠤᠯᠤᠰ ᠤᠨ ᠪᠠᠩᠬᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠧ ᠬᠠᠢ ᠵᠢᠶᠣᠣ ᠨᠠᠷ ᠲᠠᠢ ᠠᠭᠤᠯᠵᠠᠵᠤ ᠪᠠᠶᠢᠭ᠎ᠠ ᠨᠢ
6385923706884708707990342.jpg
    ᠸᠠᠩ ᠯᠢ ᠰᠢᠶᠠ ᠭᠧ ᠬᠠᠢ ᠵᠢᠶᠣᠣ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠭᠰᠡᠨ ᠤ ᠬᠠᠮᠳᠤ ᠳᠤᠮᠳᠠᠳᠤ ᠤᠯᠤᠰ ᠤᠨ ᠪᠠᠩᠬᠢ ᠶᠢᠨ ᠬᠢᠨ ᠤ ᠤᠷᠳᠤ ᠬᠤᠭᠤᠴᠠᠭᠠᠨ ᠤ ᠲᠤᠷᠰᠢᠬᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠯ ᠢᠯᠡᠷᠬᠡᠶᠢᠯᠡᠭᠰᠡᠨ ᠪᠠᠶᠢᠨ᠎ᠠ᠃ ᠸᠠᠩ ᠯᠢ ᠰᠢᠶ᠋ᠨ᠄ ︽ᠣᠳᠣᠬᠠᠨ ᠳᠤ ᠪᠦᠬᠦ ᠣᠷᠣᠨ ᠢᠶᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠪ᠊ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠪᠠᠶᠢᠨ᠎ᠠ᠃ ᠰᠠᠶ᠋ᠢᠬᠠᠨ ᠲᠡᠭᠦᠰᠦᠭᠰᠡᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠲᠡᠬᠡᠷ᠎ᠡ ᠪᠦᠬᠦ ᠣᠷᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠤᠯᠠᠮ ᠭᠦᠨᠵᠡᠭᠡᠶᠢᠷᠡᠭᠦᠯᠬᠦ ᠲᠤᠬᠠᠢ ᠰᠢᠰᠲ᠋ᠧᠮ ᠲᠠᠢ ᠪᠠᠶᠢᠷᠢᠯᠠᠭᠤᠯᠪᠠ᠂ ᠡᠳᠡᠭᠡᠷ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠳᠤ ᠲᠠᠯ᠎ᠠ ᠪᠦᠬᠦᠨ ᠤ ᠢᠯᠠᠩᠭᠤᠶ᠎ᠠ ᠮᠥᠩᠭᠦᠨ ᠭᠦᠢᠯᠭᠡᠭᠡᠨ ᠤ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠤᠨ ᠪᠠᠩᠬᠢ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠪᠠᠷ ᠰᠢᠨ᠎ᠡ ᠭᠠᠷᠤᠭ᠎ᠠ ᠪᠣᠯᠭᠠᠵᠤ᠂ ᠥᠪᠥᠷ ᠮᠣᠩᠭᠤᠯ ᠤᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠠᠪᠤᠴᠠ ᠳᠤ ᠨᠡᠩ ᠤᠯᠠᠨ ᠬᠠᠮᠲᠤᠷᠠᠯᠴᠠᠭᠠᠨ ᠤ ᠴᠡᠭ᠂ ᠪᠠᠷᠢᠴᠨ ᠶᠢ ᠡᠷᠢᠯᠬᠢᠯᠡᠵᠦ᠂ ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠳᠤ ᠨᠡᠩ ᠤᠯᠠᠨ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠬᠤ ᠶᠢ ᠬᠦᠰᠡᠵᠦ ᠪᠠᠶᠢᠨ᠎ᠠ᠃ ᠪᠢᠳᠡ ᠳᠤᠮᠳᠠᠳᠤ ᠤᠯᠤᠰ ᠤᠨ ᠪᠠᠩᠬᠢ ᠶᠢᠨ ᠥᠪᠥᠷ ᠮᠣᠩᠭᠤᠯ ᠳᠤ ᠬᠢ ᠡᠵᠡᠩᠨᠡᠯᠲᠡ ᠬᠥᠭᠵᠢᠯᠲᠡ ᠶᠢ ᠴᠢᠷᠮᠠᠶᠢᠨ ᠳᠡᠮᠵᠢᠵᠦ᠂ ᠵᠥᠪᠯᠡᠨ ᠲᠣᠭᠲᠠᠭᠰᠠᠨ ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠢᠳᠡᠪᠬᠢᠲᠡᠢ ᠠᠬᠢᠭᠤᠯᠤᠨ᠎ᠠ︾ ᠬᠡᠵᠡᠢ᠃ 
6385923705492521096143325.jpg
     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠢᠨ 8 ᠳ᠋ᠤᠭᠠᠷ ᠰᠠᠷ᠎ᠠ ᠶᠢᠨ 13 ᠤ ᠡᠳᠦᠷ ᠳᠤᠮᠳᠠᠳᠤ ᠤᠯᠤᠰ ᠤᠨ ᠪᠠᠩᠬᠢ ᠶᠢᠨ ᠬᠢᠨ ᠲᠠᠢ ᠬᠥᠬᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ ᠪᠠᠶᠢᠭ᠎ᠠ ᠨᠢ ᠭᠧ ᠬᠠᠢ ᠵᠢᠶᠣᠣ᠄ ︽ᠥᠪᠥᠷ ᠮᠣᠩᠭᠤᠯ ᠤᠨ ᠬᠥᠭᠵᠢᠯᠲᠡ ᠶᠢᠨ ᠬᠠᠨᠳᠤᠰᠢ ᠰᠠᠶᠢᠨ᠂ ᠠᠵᠤ ᠦᠢᠯᠡᠰ ᠤᠨ ᠰᠠᠭᠤᠷᠢ ᠵᠤᠵᠠᠭᠠᠨ᠂ ᠪᠡᠯᠡ ᠣᠷᠣᠭᠤᠯᠤᠨ ᠦᠢᠯᠡᠰ ᠬᠥᠭᠵᠢᠭᠦᠯᠬᠦ ᠬᠠᠯᠠᠭᠤᠨ ᠬᠥᠷᠥᠰᠥ ᠪᠤᠯᠬᠤᠷ ᠮᠥᠩᠭᠦᠨ ᠭᠦᠢᠯᠭᠡᠭᠡᠨ ᠤ ᠠᠵᠢᠯ ᠲᠥᠷᠥᠯ ᠳᠤ ᠯᠤᠲᠤ ᠶᠡᠭᠡ ᠲᠠᠲᠠᠬᠤ ᠬᠦᠴᠦᠨ ᠲᠠᠢ᠃ ᠪᠢᠳᠡ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠪᠠᠩᠬᠢ ᠶᠢᠨ ᠳᠠᠪᠠᠭᠤᠯᠢᠭ ᠢ ᠥᠪᠥᠷ ᠮᠣᠩᠭᠤᠯ ᠤᠨ ᠬᠡᠷᠡᠭᠴᠡᠭᠡ ᠲᠠᠢ ᠤᠶᠠᠯᠳᠤᠭᠤᠯᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ᠰᠢᠨᠵᠢᠯᠡᠬᠦ ᠮᠡᠷᠭᠡᠵᠢᠯ᠂ ᠪᠣᠬᠢᠷᠲᠤᠯ ᠦᠭᠡᠢ᠂ ᠲᠦᠭᠡᠮᠡᠯ ᠬᠠᠷᠠᠭᠠᠯᠵᠠᠯ᠂ ᠨᠠᠰᠤᠵᠢᠯ ᠤᠨ ᠠᠰᠠᠷᠠᠮᠵᠢ᠂ ᠲᠣᠭᠠᠴᠢᠯᠠᠭᠰᠠᠨ ᠮᠥᠩᠭᠦᠨ ᠭᠦᠢᠯᠭᠡᠭᠡ ᠵᠡᠷᠭᠡ ᠲᠠᠪᠤᠨ ᠲᠣᠮᠣ ᠶᠠᠪᠤᠳᠠᠯ ᠢ ᠬᠠᠪᠰᠤᠷᠤᠨ ᠰᠠᠶᠢᠲᠤᠷ ᠬᠢᠵᠦ᠂ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ︾ ᠬᠡᠯ᠎ᠡ᠃ ᠬᠤᠸᠠᠩ ᡁᠢ ᠴᠢᠶᠠᠩ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号