ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ︽ᠰᠡᠳᠬᠢᠯ ᠨᠢᠭᠡᠲᠦᠨ ᠬᠠᠨᠤᠮᠵᠢᠲᠠᠢ ᠬᠤᠪᠢᠶᠠᠯᠴᠠᠬᠤ︾ ᠰᠢᠷᠢᠰ ᠠᠵᠢᠯᠯᠠᠭ᠎ᠠ — ︽ᠦᠨᠳᠦᠰᠦᠲᠡᠨ ᠤ ᠪᠦᠯᠬᠦᠮᠳᠡᠯ ᠬᠤᠨᠳᠠᠭᠠᠲᠤ︾ ᠪᠥᠬᠦ ᠤᠯᠤᠰ ᠤᠨ ᠦᠨᠳᠦᠰᠦᠲᠡᠨ ᠤ ᠮᠠᠶ᠋ᠢᠭ ᠤᠨ ᠪᠥᠬᠡ ᠶᠢᠨ ᠪᠠᠷᠢᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/8/15
    7 ᠳ᠋ᠤᠭᠠᠷ ᠰᠠᠷ᠎ᠠ ᠶᠢᠨ 31 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ︽ᠰᠡᠳᠬᠢᠯ ᠨᠢᠭᠡᠲᠦᠨ ᠬᠠᠨᠤᠮᠵᠢᠲᠠᠢ ᠬᠤᠪᠢᠶᠠᠯᠴᠠᠬᠤ︾ ᠰᠢᠷᠢᠰ ᠠᠵᠢᠯᠯᠠᠭ᠎ᠠ — ︽ᠦᠨᠳᠦᠰᠦᠲᠡᠨ ᠤ ᠪᠦᠯᠬᠦᠮᠳᠡᠯ ᠬᠤᠨᠳᠠᠭᠠᠲᠤ︾ ᠪᠥᠬᠦ ᠤᠯᠤᠰ ᠤᠨ ᠦᠨᠳᠦᠰᠦᠲᠡᠨ ᠤ ᠮᠠᠶ᠋ᠢᠭ ᠤᠨ ᠪᠥᠬᠡ ᠶᠢᠨ ᠪᠠᠷᠢᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃ 3 ᠡᠳᠦᠷ ᠤᠨ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠵᠦ᠂ 6 ᠪᠠᠷᠢᠯᠳᠤᠭᠠᠨ ᠳᠤ ᠨᠡᠶᠢᠲᠡ 21 ᠨᠢᠭᠡᠳᠦᠭᠡᠷ ᠳᠡᠰ ᠤᠨ ᠱᠠᠩᠨᠠᠯ ᠲᠤᠳᠤᠷᠠᠪᠠ᠃ ᠡᠭᠦᠨ ᠳᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ 9 ᠨᠢᠭᠡᠳᠦᠭᠡᠷ ᠳᠡᠰ ᠤᠨ ᠱᠠᠩᠨᠠᠯ ᠬᠦᠷᠳᠡᠵᠦ᠂ ᠲᠢᠶᠠᠨᠵᠢᠨ᠂ ᠲᠥᠪᠡᠳ᠂ ᠾᠧᠪᠸᠢ ᠶᠢᠨ ᠲᠥᠯᠥᠭᠡᠯᠡᠭᠴᠢᠳ ᠤᠨ ᠪᠦᠯᠬᠦᠮ ᠲᠤᠰ ᠲᠤᠰ 3 ᠨᠢᠭᠡᠳᠦᠭᠡᠷ ᠳᠡᠰ ᠤᠨ ᠱᠠᠩᠨᠠᠯ ᠬᠦᠷᠳᠡᠵᠦ᠂ ᠬᠠᠶᠢᠨᠠᠨ ᠤ ᠲᠥᠯᠥᠭᠡᠯᠡᠭᠴᠢᠳ ᠤᠨ ᠪᠦᠯᠬᠦᠮ 2 ᠨᠢᠭᠡᠳᠦᠭᠡᠷ ᠳᠡᠰ ᠤᠨ ᠱᠠᠩᠨᠠᠯ ᠬᠦᠷᠳᠡᠵᠦ᠂ ᠱᠠᠨ ᠰᠢ ᠶᠢᠨ ᠲᠥᠯᠥᠭᠡᠯᠡᠭᠴᠢᠳ ᠤᠨ ᠪᠦᠯᠬᠦᠮ 1 ᠨᠢᠭᠡᠳᠦᠭᠡᠷ ᠳᠡᠰ ᠤᠨ ᠱᠠᠩᠨᠠᠯ ᠬᠦᠷᠳᠡᠵᠡᠢ᠃
6385881892472471843942773.jpg
    12 ᠲᠥᠯᠥᠭᠡᠯᠡᠭᠴᠢᠳ ᠤᠨ ᠪᠦᠯᠬᠦᠮ ᠤᠨ 124 ᠪᠥᠬᠡᠴᠢᠨ ᠮᠤᠩᠭᠤᠯ ᠪᠦᠬᠡ᠂ ᠲᠦᠪᠡᠳ ᠦᠨᠳᠦᠰᠦᠳᠡᠨ ᠤ ᠮᠠᠶ᠋ᠢᠭ ᠤᠨ ᠪᠦᠬᠡ᠂ ᠰᠤᠯᠤᠩᠭᠤᠰ ᠦᠨᠳᠦᠰᠦᠳᠡᠨ ᠤ ᠮᠠᠶ᠋ᠢᠭ ᠤᠨ ᠪᠦᠬᠡ᠂ ᠤᠶᠢᠭᠤᠷ ᠦᠨᠳᠦᠰᠦᠳᠡᠨ ᠤ ᠮᠠᠶ᠋ᠢᠭ ᠤᠨ ᠪᠦᠬᠡ᠂ ᠬᠤᠳᠤᠩ ᠦᠨᠳᠦᠰᠦᠳᠡᠨ ᠤ ᠲᠦᠷᠬᠡᠨ ᠪᠠᠷᠢᠯᠳᠤᠭᠠᠨ ᠵᠡᠷᠭᠡ ᠵᠢᠷᠭᠤᠭᠠᠨ ᠲᠥᠷᠥᠯ  ᠵᠦᠢᠯ ᠳᠤ ᠡᠬᠡᠯᠵᠢᠯᠡᠨ ᠪᠠᠷᠢᠯᠳᠤᠵᠤ᠂ ᠨᠢᠭᠡ ᠤᠳᠠᠭᠠᠨ ᠤ ᠬᠦᠴᠦᠨ ᠴᠢᠳᠠᠯ ᠪᠠ ᠤᠷ᠎ᠠ ᠮᠡᠷᠭᠡᠵᠢᠯ ᠤᠨ ᠳᠡᠮᠡᠴᠡᠬᠡᠨ ᠢ ᠬᠠᠷᠠᠭᠤᠯᠪᠠ᠃ ᠪᠥᠭᠡ ᠶᠢᠨ ᠪᠠᠷᠢᠯᠳᠤᠭᠠᠨ ᠢ ᠡᠷᠡᠭᠲᠡᠢ᠂ ᠡᠮᠡᠭᠲᠡᠢ ᠶᠢᠨ ᠪᠠᠭ ᠤᠨ ᠳᠡᠮᠡᠴᠡᠬᠡᠨ ᠪᠠ ᠬᠤᠪᠢ ᠬᠥᠮᠦᠨ ᠤ ᠳᠡᠮᠡᠴᠡᠬᠡᠨ ᠬᠡᠵᠦ ᠬᠤᠪᠢᠶᠠᠵᠤ᠂ ᠪᠠᠭ ᠤᠨ ᠳᠡᠮᠡᠴᠡᠬᠡᠨ ᠳᠤ ︽3 ᠬᠦᠮᠦᠨ ᠡᠬᠡᠯᠵᠢᠯᠡᠨ ᠪᠠᠷᠢᠯᠳᠤᠬᠤ ᠲᠦᠷᠢᠮ︾ ᠢ ᠬᠡᠷᠡᠭᠵᠢᠬᠦᠯᠵᠦ᠂ ᠬᠤᠶᠠᠷ ᠬᠦᠮᠦᠨ ᠠᠴᠠ ᠨᠢᠬᠡ ᠰᠢᠭᠰᠢᠭᠳᠡᠬᠦ ᠲᠦᠷᠢᠮ ᠢ ᠬᠡᠷᠡᠭᠵᠢᠬᠦᠯᠪᠠ᠃ ᠪᠤᠰᠤᠳ ᠲᠠᠪᠤᠨ ᠲᠥᠷᠥᠯ ᠵᠦᠢᠯ  ᠳᠤ ᠴᠥᠮ ᠲᠤᠰ ᠲᠤᠰ 62 ᠺᠢᠯᠣᠭ᠍ᠷᠠᠮ ᠤᠨ ᠳᠡᠰ᠂ 74 ᠺᠢᠯᠣᠭ᠍ᠷᠠᠮ ᠤᠨ ᠳᠡᠰ᠂ 87 ᠺᠢᠯᠣᠭ᠍ᠷᠠᠮ ᠤᠨ ᠳᠡᠰ ᠵᠢᠴᠢ 87 ᠺᠢᠯᠣᠭ᠍ᠷᠠᠮ ᠠᠴᠠ ᠳᠡᠭᠡᠭᠰᠢᠬᠢ ᠲᠤᠭᠤᠶᠢᠯᠠᠩ  ᠤᠨ ᠤᠷᠤᠯᠳᠤᠭᠠᠨ ᠲᠣᠬᠢᠷᠠᠭᠤᠯᠵᠤ᠂ ᠲᠥᠷᠥᠯ ᠪᠦᠷᠢ ᠶᠢᠨ ᠤᠷᠤᠯᠳᠤᠭᠠᠨ ᠤ ᠳᠦᠷᠢᠮ ᠨᠢ ᠠᠳᠠᠯᠢ ᠦᠭᠡᠢ ᠪᠠᠶᠢᠪᠠ᠃
6385881893677159819862614.jpg
    ᠲᠣᠰ ᠤᠳᠠᠭᠠᠨ ᠤ ᠤᠷᠤᠯᠳᠤᠭᠠᠨ ᠨᠢ ᠮᠠᠨ ᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠭᠤᠤᠯ ᠰᠢᠵᠢᠮ ᠤᠨ ᠠᠮᠢᠳᠤᠯᠢᠭ ᠦᠢᠯᠡᠳᠦᠯᠭᠡ ᠪᠣᠯᠬᠤ ᠪᠠᠷ ᠪᠠᠷᠠᠬᠤ ᠥᠬᠡᠶ᠂ ᠨᠠᠩ ᠴᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠦᠴᠦᠲᠡᠶ ᠠᠷᠭ᠎ᠠ ᠬᠡᠮᠵᠢᠶ᠎ᠡ ᠪᠣᠯᠤᠨ᠎ᠠ᠃ ᠤᠷᠤᠯᠳᠤᠭᠠᠨ ᠢᠶᠠᠷ ᠳᠠᠮᠵᠢᠭᠤᠯᠵᠤ᠂ ᠤᠷᠤᠯᠳᠤᠭᠠᠨ ᠳᠤ ᠣᠷᠣᠯᠴᠠᠬᠤ ᠡᠯ᠎ᠡ ᠲᠥᠯᠥᠭᠡᠯᠡᠭᠴᠢᠳ ᠤᠨ ᠪᠦᠯᠬᠦᠮ ᠳᠤ ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠬᠤ᠂ ᠪᠣᠯᠪᠠᠰᠤᠷᠠᠯ ᠢᠶᠠᠷ ᠤᠷᠤᠯᠳᠤᠭᠠᠨ ᠢ ᠠᠬᠢᠭᠤᠯᠬᠤ ᠪᠣᠳᠠᠲᠤ ᠲᠠᠪᠴᠠᠩ ᠬᠠᠩᠭᠠᠵᠤ᠂ ᠤᠳᠠᠯ ᠦᠭᠡᠢ ᠪᠣᠯᠬᠤ ᠭᠡᠵᠦ ᠪᠠᠶᠢᠭ᠎ᠠ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃
 
ᠢᠷᠡᠯᠲᠡ᠄ ᠦᠨᠳᠦᠰᠦᠳᠡᠨ ᠦ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号