ᠥᠪᠥᠷ ᠮᠣᠩᠭᠤᠯ ᠤᠨ ᠬᠢᠩᠭᠠᠨ ᠠᠶᠢᠮᠠᠭ᠄ ᠬᠤᠶᠠᠷ ᠬᠤᠰᠢᠭᠤ ᠰᠢᠶᠠᠨ ᠭᠦᠨᠵᠡᠭᠡᠢ ᠬᠠᠮᠳᠤᠷᠠᠯᠴᠠᠵᠦ ᠦᠨᠳᠦᠰᠦᠲᠡᠨ ᠤ ᠪᠦᠯᠬᠦᠮᠳᠡᠯ ᠢᠶᠠᠷ ᠬᠠᠮᠲᠤ ᠪᠠᠷ ᠪᠠᠶᠠᠵᠢᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/8/15
    ᠲᠦᠴᠢᠦᠸᠠᠨ ᠰᠢᠶᠠᠨ ᠬᠡᠮᠡᠬᠦ ᠥᠪᠥᠷ ᠮᠣᠩᠭᠤᠯ ᠤᠨ ᠬᠢᠩᠭᠠᠨ ᠠᠶᠢᠮᠠᠭ ᠤᠨ ᠳᠤᠮᠳᠠ ᠡᠮᠦᠨᠡᠲᠦ ᠬᠡᠰᠡᠭ ᠲᠤ ᠪᠠᠶᠢᠷᠢᠯᠠᠵᠦ ᠪᠠᠶᠢᠭ᠎ᠠ ᠤᠯᠠᠨ ᠡᠰᠢᠲᠦ ᠰᠣᠶᠣᠯ ᠠᠭᠤᠰᠤᠯᠴᠠᠭᠰᠠᠨ ᠣᠷᠣᠨ ᠳᠤ ᠬᠢᠲᠠᠳ ᠦᠨᠳᠦᠰᠦᠲᠡᠨ᠂ ᠮᠣᠩᠭᠤᠯ ᠦᠨᠳᠦᠰᠦᠲᠡᠨ᠂ ᠮᠠᠨᠵᠤ ᠦᠨᠳᠦᠰᠦᠲᠡᠨ᠂ ᠬᠤᠲᠣᠩ ᠦᠨᠳᠦᠰᠦᠲᠡᠨ ᠵᠡᠷᠭᠡ 31 ᠦᠨᠳᠦᠰᠦᠲᠡᠨ ᠤ ᠤᠯᠠᠨ ᠲᠦᠮᠡᠨ ᠡᠶ᠎ᠡ ᠨᠠᠶᠢᠷᠲᠠᠢ ᠬᠠᠮᠲᠤ ᠣᠷᠣᠰᠢᠵᠤ᠂ ᠦᠨᠳᠦᠰᠦᠲᠡᠨ ᠤ ᠪᠦᠯᠬᠦᠮᠳᠡᠯ ᠤᠨ ᠡᠶ᠎ᠡ ᠵᠣᠬᠢᠴᠠᠩᠭᠤᠢ ᠬᠠᠭᠤᠳᠠᠰᠤ ᠶᠢ ᠬᠠᠮᠳᠤ ᠪᠠᠷ ᠪᠢᠴᠢᠭᠯᠡᠵᠦ ᠪᠤᠢ᠃ ᠲᠡᠭᠦᠨ ᠤ 48 ᠲᠣᠰᠬᠤᠨ ᠨᠢ ᠣᠷᠤᠨ ᠤ ᠲᠣᠳᠤᠨ᠎ᠠ ᠭᠠᠳᠠᠠᠨᠠᠬᠢ ᠬᠤᠰᠢᠭᠤ ︵ᠬᠤᠲᠠ᠂ ᠰᠢᠶᠠᠨ︶ ᠲᠠᠢ ᠬᠦᠷᠰᠢᠯᠡᠭᠰᠡᠨ ᠢᠶᠠᠷ ᠥᠪᠡᠷᠮᠢᠴᠡ ᠭᠠᠵᠠᠷ ᠵᠦᠢ ᠶᠢᠨ ᠥᠩᠭᠡ ᠦᠵᠡᠮᠵᠢ ᠲᠠᠢ ᠪᠦᠭᠡᠳ ᠪᠠᠶᠠᠯᠢᠭ ᠰᠠᠶᠢᠬᠠᠨ ᠬᠥᠮᠥᠨ ᠢᠷᠭᠡᠨᠰᠢᠯ ᠤᠨ ᠦᠵᠡᠮᠵᠢ ᠶᠢ ᠪᠣᠢ ᠪᠤᠯᠭᠠᠭᠰᠠᠨ ᠪᠠᠶᠢᠨ᠎ᠠ᠃
6385881723331854691144031.jpg
    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠠᠶᠢᠴᠢᠨᠲᠠᠯ᠎ᠠ ᠰᠤᠮᠤᠨ ᠤ ᠳᠠᠶᠢᠴᠢᠨᠲᠠᠯ᠎ᠠ ᠭᠠᠴᠠᠭᠠᠨ ᠤ ᠠᠷᠠᠳ ᠪᠣᠷᠣ ᠬᠠᠯᠢᠰᠤᠲᠤ ᠰᠠᠷᠢᠮᠰᠠᠭ ᠳᠠᠷᠢᠬᠤ ᠮᠡᠷᠭᠡᠵᠢᠯ ᠢ ᠰᠤᠷᠤᠯᠴᠠᠵᠤ ᠪᠠᠶᠢᠨ᠎ᠠ ︵ᠽᠧᠩ ᠯᠢᠩ ᠭᠠᠩ ᠰᠡᠭᠦᠳᠡᠷᠯᠡᠪᠡ︶    ᠣᠷᠣᠨ ᠪᠦᠰᠡ ᠶᠢᠨ ᠬᠤᠭᠤᠷᠣᠨᠳᠣᠬᠢ ᠬᠠᠮᠵᠢᠯᠴᠠᠭ᠎ᠠ ᠬᠠᠮᠲᠤᠷᠠᠯᠴᠠᠭ᠎ᠠ ᠪᠠ ᠬᠠᠮᠲᠤ ᠶᠢᠨ ᠬᠥᠭᠵᠢᠯᠲᠡ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠲᠦᠴᠢᠦᠸᠠᠨ ᠰᠢᠶᠠᠨ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ︽ᠬᠠᠷᠢᠯᠴᠠᠨ ᠬᠤᠯᠪᠣᠭᠠᠯᠠᠵᠤ ᠬᠠᠮᠲᠤ ᠪᠠᠷ ᠪᠠᠶᠢᠭᠤᠯᠬᠤ︾ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠢᠴᠢ ᠬᠢᠷᠢᠨ ᠮᠤᠵᠢ ᠶᠢᠨ ᠲᠤᠤ ᠨᠠᠨ ᠬᠤᠳᠠ ᠵᠡᠷᠭᠡ ᠭᠠᠵᠠᠷ ᠤᠨ ᠭᠦᠨᠵᠡᠭᠡᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠲᠦᠢᠯ ᠤᠨ ᠶᠡᠭᠡ ᠪᠠᠷ ᠠᠬᠢᠭᠤᠯᠵᠠᠢ᠃ ᠡᠨᠡ ᠬᠦ ᠶᠠᠪᠤᠴᠠ ᠳᠤ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠰᠣᠯᠢᠯᠴᠠᠭ᠎ᠠ ᠤᠯᠠᠮ ᠣᠯᠠᠰᠢᠷᠠᠵᠤ᠂ ᠶᠠᠪᠤᠯᠴᠠᠭ᠎ᠠ ᠤᠯᠠᠮ ᠨᠢᠭᠲᠠᠷᠠᠵᠤ᠂ ᠰᠣᠶᠣᠯ ᠤᠨ ᠠᠭᠤᠰᠤᠯᠴᠠᠭ᠎ᠠ ᠤᠯᠠᠮ ᠭᠦᠨᠵᠡᠭᠡᠶᠢᠷᠡᠵᠦ᠂ ᠨᠢᠭᠡ ᠵᠦᠢᠯ ᠤᠨ ᠥᠪᠡᠷᠮᠢᠴᠡ ᠣᠨᠴᠠᠯᠢᠭ ᠲᠠᠢ ︽ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ︾ ᠶᠢᠨ ᠬᠠᠷᠢᠯᠴᠠᠨ ᠰᠢᠭᠢᠳᠬᠦ ᠵᠠᠭᠪᠤᠷ ᠢ ᠪᠦᠷᠢᠯᠳᠦᠭᠦᠯᠵᠦ᠂ ︽ᠲᠦᠴᠢᠤᠸᠠᠨ ᠤ ᠦᠯᠢᠭᠡᠷ ᠳᠠᠭᠤᠷᠢᠶᠠᠯ︾ ᠬᠡᠮᠡᠨ ᠠᠯᠳᠠᠷᠰᠢᠵᠤ᠂ ᠦᠨᠳᠦᠰᠦᠲᠡᠨ ᠤ ᠪᠦᠯᠬᠦᠮᠳᠡᠯ᠂ ᠬᠠᠮᠲᠤ ᠶᠢᠨ ᠬᠥᠭᠵᠢᠯᠲᠡ ᠶᠢᠨ ᠬᠡᠪ ᠳᠠᠭᠤᠷᠢᠶᠠᠯ ᠪᠣᠯᠤᠭᠰᠠᠨ ᠪᠠᠶᠢᠨ᠎ᠠ᠃    ︽ᠪᠣᠷᠣ ᠬᠠᠯᠢᠰᠤᠲᠤ ᠰᠠᠷᠢᠮᠰᠠᠭ ᠤᠨ ᠲᠠᠷᠢᠶᠠᠨ ᠭᠠᠵᠠᠷ ᠤᠨ ᠬᠠᠮᠢᠶᠠᠷᠤᠯᠲᠠ ᠨᠢ ᠤᠨᠠᠯᠲᠠ ᠶᠢ ᠮᠠᠰᠢ ᠶᠡᠭᠡ ᠪᠠᠷ ᠨᠥᠯᠥᠭᠡᠯᠡᠳᠡᠭ᠂ ᠪᠢᠳᠡ ᠡᠷᠬᠡᠪᠰᠢ ᠨᠠᠷᠢᠯᠢᠭᠵᠢᠭᠤᠯᠤᠨ ᠬᠠᠮᠢᠶᠠᠷᠴᠤ᠂ ᠤᠰᠤ ᠪᠣᠷᠳᠣᠭᠤᠷ ᠢ ᠭᠦᠢᠴᠡᠳ ᠪᠠᠶᠢᠯᠭᠠᠬᠤ ᠬᠡᠷᠡᠭᠲᠡᠢ ᠁︾ ᠣᠶᠢᠷ᠎ᠠ ᠳᠤ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠯᠢᠦ ᠾᠧ ᠲᠣᠰᠬᠤᠨ ᠤ ᠪᠣᠷᠣ ᠬᠠᠯᠢᠰᠤᠲᠤ ᠰᠠᠷᠢᠮᠰᠠᠭ ᠲᠠᠷᠢᠬᠤ ᠰᠠᠭᠤᠷᠢᠨ ᠭᠠᠵᠠᠷ ᠲᠤ ᠯᠢᠦ ᠾᠧ ᠲᠣᠰᠬᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠠᠬᠢᠭᠤᠯᠬᠤ ᠨᠡᠶᠢᠭᠡᠮᠯᠢᠭ ᠠᠴᠠ ᠵᠣᠬᠢᠶᠠᠨ ᠪᠠᠶᠢᠭᠤᠯᠤᠭᠰᠠᠨ ᠪᠣᠷᠣ ᠬᠠᠯᠢᠰᠤᠲᠤ ᠰᠠᠷᠢᠮᠰᠠᠭ ᠤᠨ ᠠᠵᠤ ᠦᠢᠯᠡᠰ ᠤᠨ ᠬᠥᠭᠵᠢᠯᠲᠡ ᠶᠢᠨ ᠰᠣᠯᠢᠯᠴᠠᠭᠠᠨ ᠤ ᠬᠤᠷᠠᠯ ᠶᠠᠭ ᠬᠥᠭᠵᠢᠶᠡᠨ ᠲᠠᠢ ᠶᠠᠪᠤᠭᠳᠠᠵᠤ ᠪᠠᠶᠢᠯ᠎ᠠ᠃ ᠡᠨᠡ ᠤᠳᠠᠭᠠᠨ ᠤ ᠰᠣᠯᠢᠯᠴᠠᠭᠠᠨ ᠤ ᠬᠤᠷᠠᠯ ᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠠᠶᠢᠴᠢᠨᠲᠠᠯ᠎ᠠ ᠰᠤᠮᠤᠨ ᠤ ᠳᠠᠶᠢᠴᠢᠨᠲᠠᠯ᠎ᠠ ᠭᠠᠴᠠᠭᠠᠨ ᠤ ᠠᠷᠠᠳ ᠲᠤ ᠬᠠᠨᠳᠤᠭᠤᠯᠤᠨ ᠲᠤᠰᠬᠠᠶᠢᠯᠠᠨ ᠶᠠᠪᠤᠭᠳᠠᠭᠤᠯᠵᠠᠢ᠂ ᠲᠣᠰᠬᠤᠨ ᠤ ᠠᠷᠠᠳ ᠪᠣᠷᠣ ᠰᠠᠷᠢᠮᠰᠠᠭ ᠤᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠮᠡᠷᠭᠡᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠰᠤᠷᠤᠯᠴᠠᠵᠤ ᠪᠠᠶᠢᠯ᠎ᠠ᠃    ᠯᠢᠦ ᠾᠧ ᠲᠣᠰᠬᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠲᠢᠶᠠᠨ ᠴᠧᠩ ᠯᠢᠨ ᠮᠡᠷᠭᠡᠵᠢᠯ ᠤᠨ ᠮᠡᠳᠡᠯᠭᠡ ᠶᠢ ᠪᠦᠬᠦ ᠬᠦᠴᠦᠨ ᠢᠶᠠᠷ ᠵᠢᠭᠠᠬᠤ ᠪᠠᠷ ᠪᠠᠷᠠᠬᠤ ᠦᠭᠡᠢ᠂ ᠪᠠᠰᠠ ᠪᠣᠷᠣ ᠬᠠᠯᠢᠰᠤᠲᠤ ᠰᠠᠷᠢᠮᠰᠠᠭ ᠤᠨ ᠲᠠᠷᠢᠮᠠᠯ ᠤᠨ ᠬᠡᠪᠴᠢᠶ᠎ᠡ ᠶᠢ ᠬᠡᠷᠬᠢᠨ ᠥᠷᠭᠡᠳᠬᠡᠬᠦ᠂ ᠠᠵᠤ ᠦᠢᠯᠡᠰ ᠤᠨ ᠬᠡᠯᠬᠢᠶ᠎ᠡ ᠶᠢ ᠬᠡᠷᠬᠢᠨ ᠤᠷᠳᠤᠳᠬᠠᠬᠤ ᠵᠢᠴᠢ ᠪᠦᠲᠦᠭᠡᠭᠳᠡᠬᠦᠨ ᠤ ᠨᠡᠮᠡᠯᠲᠡ ᠥᠷᠲᠡᠭ ᠢ ᠬᠡᠷᠬᠢᠨ ᠳᠡᠭᠡᠭᠰᠢᠯᠡᠭᠦᠯᠬᠦ ᠲᠤᠬᠠᠢ ᠭᠦᠨᠵᠡᠭᠡᠢ ᠲᠠᠶᠢᠯᠪᠤᠷᠢᠯᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠪᠣᠷᠣ ᠬᠠᠯᠢᠰᠤᠲᠤ ᠰᠠᠷᠢᠮᠰᠠᠭ ᠤᠨ ᠠᠵᠤ ᠦᠢᠯᠡᠰ ᠤᠨ ᠬᠥᠭᠵᠢᠯᠲᠡ ᠳᠤ ᠣᠷᠣᠯᠴᠠᠵᠤ᠂ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠬᠦᠰᠡᠪᠡ᠃
6385881724828730387102956.jpg
    ᠯᠢᠦ ᠾᠧ ᠲᠣᠰᠬᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠠᠬᠢᠭᠤᠯᠬᠤ ᠨᠡᠶᠢᠭᠡᠮᠯᠢᠭ ᠲᠡᠵᠢᠭᠡᠨ ᠦᠷᠡᠵᠢᠭᠦᠯᠬᠦ ᠪᠣᠯᠪᠠᠰᠤᠷᠠᠯ ᠢ ᠥᠷᠨᠢᠭᠦᠯᠵᠡᠢ᠃ ︵ᠽᠧᠩ ᠯᠢᠩ ᠭᠠᠩ ᠰᠡᠭᠦᠳᠡᠷᠯᠡᠪᠡ︶     ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠶᠢᠴᠢᠨᠳᠠᠯ᠎ᠠ ᠰᠤᠮᠤ ᠶᠢᠨ ᠲᠠᠶᠢᠴᠢᠨᠳᠠᠯ᠎ᠠ ᠭᠠᠴᠠᠭ᠎ᠠ ᠶᠢᠨ ᠨᠠᠮ ᠤᠨ ᠡᠭᠦᠷ ᠤᠨ ᠱᠦᠵᠢ ᠭᠦᠸᠧ ᠬᠠᠢ ᠢᠦᠢ᠄ ︽ᠡᠨᠡ ᠬᠡᠳᠦᠨ ᠵᠢᠯ᠂ ᠮᠠᠨ ᠤ ᠯᠢᠦ ᠾᠧ ᠲᠣᠰᠬᠤᠨ ᠯᠤᠭ᠎ᠠ ᠶᠢᠨ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠨᠢᠭᠡ ᠭᠡᠷ ᠤᠨ ᠬᠥᠮᠥᠨ ᠰᠢᠭ ᠡᠶ᠎ᠡ ᠵᠣᠬᠢᠴᠠᠩᠭᠤᠢ ᠬᠠᠷᠢᠴᠠᠭ᠎ᠠ ᠲᠠᠢ ᠪᠣᠯᠵᠠᠢ᠃ ᠯᠢᠦ ᠾᠧ ᠲᠣᠰᠬᠤᠨ ᠤ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠥᠭᠵᠢᠯᠲᠡ ᠥᠷᠨᠢᠭᠦᠨ ᠬᠥᠭᠵᠢᠩᠭᠦᠢ ᠪᠠᠶᠢᠵᠦ᠂ ᠮᠠᠨ ᠤ ᠭᠠᠴᠠᠭᠠᠨ ᠤ ᠠᠷᠠᠳ ᠬᠠᠷᠢᠨ ᠲᠡᠵᠢᠭᠡᠨ ᠦᠷᠡᠵᠢᠬᠦᠯᠬᠦ ᠲᠠᠯ᠎ᠠ ᠪᠠᠷ ᠡᠯᠪᠡᠭ ᠪᠠᠶᠠᠯᠢᠭ ᠲᠤᠷᠰᠢᠯᠭ᠎ᠠ ᠬᠤᠷᠠᠮᠳᠤᠭᠤᠯᠵᠠᠢ᠃ ᠣᠳᠣᠬᠠᠨ ᠳᠤ ᠪᠢᠳᠡ ᠬᠠᠷᠢᠯᠴᠠᠨ ᠰᠤᠷᠤᠯᠴᠠᠵᠤ᠂ ᠬᠠᠷᠢᠯᠴᠠᠨ ᠬᠠᠪᠰᠤᠷᠤᠯᠴᠠᠵᠤ᠂ ᠬᠠᠮᠲᠤ ᠪᠠᠷ ᠪᠠᠶᠠᠵᠢᠵᠦ ᠪᠠᠶᠢᠨ᠎ᠠ︾ ᠭᠡᠵᠡᠢ᠃
6385881737192789398797401.jpg
     ᠯᠢᠦ ᠾᠧ ᠲᠣᠰᠬᠤᠨ ᠤ ᠠᠷᠠᠳ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠰᠤᠷᠴᠤ ᠪᠠᠶᠢᠨ᠎ᠠ᠃ ︵ᠽᠧᠩ ᠯᠢᠩ ᠭᠠᠩ ᠰᠡᠭᠦᠳᠡᠷᠯᠡᠪᠡ︶     ᠣᠶᠢᠷ᠎ᠠ ᠶᠢᠨ ᠵᠢᠯ ᠠᠴᠠ ᠯᠢᠦ ᠾᠧ ᠲᠣᠰᠬᠤᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠨᠥᠯᠥᠭᠡᠯᠡᠬᠦ ᠬᠦᠴᠦᠨ ᠪᠠ ᠳᠠᠶᠢᠴᠢᠯᠠᠬᠤ ᠬᠦᠴᠦᠨ ᠲᠠᠢ ᠪᠠᠶᠠᠵᠢᠯ ᠤᠨ ᠴᠢᠳᠠᠪᠤᠷᠢᠲᠠᠨ᠂ ᠤᠳᠬ᠎ᠠ ᠤᠷᠠᠯᠢᠭ ᠤᠨ ᠪᠠᠭ᠋ᠠᠲᠠᠨ᠂ ᠡᠮᠡᠭᠲᠡᠶᠢᠴᠦᠳ ᠤᠨ ᠲᠥᠯᠥᠭᠡᠯᠡᠭᠴᠢ᠂ ᠲᠣᠰᠬᠤᠨ ᠤ ᠠᠷᠠᠳ ᠤᠨ ᠲᠥᠯᠥᠭᠡᠯᠡᠭᠴᠢ ᠶᠢ ᠰᠢᠩᠭᠡᠭᠡᠨ ᠠᠪᠴᠦ᠂ ᠳᠠᠶᠢᠴᠢᠨᠲᠠᠯ᠎ᠠ ᠭᠠᠴᠠᠭ᠎ᠠ ᠲᠠᠢ ᠬᠤᠯᠪᠤᠭᠠᠯᠠᠨ ᠰᠢᠨ᠎ᠡ ᠶᠢ ᠡᠭᠦᠳᠴᠦ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠢ ᠥᠷᠨᠢᠭᠦᠯᠬᠦ ᠪᠠᠷ ᠳᠠᠮᠵᠢᠭᠤᠯᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠪᠠᠷ ᠳᠠᠮᠵᠢᠭᠤᠯᠵᠤ᠂ ᠠᠵᠤ ᠦᠢᠯᠡᠰ ᠤᠨ ᠬᠠᠮᠲᠤ ᠪᠠᠷ ᠴᠡᠴᠡᠭᠯᠡᠨ ᠬᠥᠭᠵᠢᠬᠦ ᠶᠢ ᠪᠡᠶᠡᠯᠡᠭᠦᠯᠵᠡᠢ᠃ ᠣᠨᠴᠠᠭᠠᠶᠢᠯᠠᠨ ᠳᠤᠷᠠᠳᠤᠭᠤᠰᠢᠲᠠᠢ ᠵᠦᠢᠯ ᠭᠡᠪᠡᠯ᠂ ᠳᠠᠶᠢᠴᠢᠨᠲᠠᠯ᠎ᠠ ᠭᠠᠴᠠᠭ᠎ᠠ ᠨᠢ ᠯᠢᠦ ᠾᠧ ᠲᠣᠰᠬᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠳᠤ ᠪᠥᠬᠦ ᠲᠠᠯ᠎ᠠ ᠶᠢᠨ ᠳᠡᠮᠵᠢᠯᠭᠡ ᠬᠠᠩᠭᠠᠵᠤ᠂ ᠦᠬᠡᠷ ᠤᠨ ᠬᠠᠰᠢᠶ᠎ᠠ ᠰᠠᠷᠠᠪᠴᠢ ᠶᠢᠨ ᠪᠦᠲᠦᠭᠡᠨ ᠪᠠᠶᠢᠭᠤᠯᠤᠯᠲᠠ᠂ ᠵᠢᠭᠡᠯᠡᠯᠭᠡ ᠶᠢ ᠵᠣᠬᠢᠴᠠᠭᠤᠯᠬᠤ ᠠᠴᠠ ᠮᠡᠷᠭᠡᠵᠢᠯ ᠤᠨ ᠪᠣᠯᠪᠠᠰᠤᠷᠠᠯ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠬᠦᠷᠲᠡᠯ᠎ᠡ ᠴᠥᠮ ︽ᠠᠰᠠᠷᠠᠭᠴᠢ ᠮᠠᠶ᠋ᠢᠭ︾ ᠤᠨ ᠮᠦᠷᠳᠡᠭᠰᠡᠨ ᠦᠢᠯᠡᠴᠢᠯᠡᠭᠡ ᠶᠢ ᠬᠡᠷᠡᠭᠵᠢᠭᠦᠯᠦᠭᠰᠡᠨ ᠪᠠᠶᠢᠨ᠎ᠠ᠃   ᠡᠶᠢᠮᠦᠷᠬᠦ ᠲᠣᠰᠬᠤᠨ ᠠᠯᠤᠰᠯᠠᠭᠰᠠᠨ᠂ ᠬᠤᠶᠠᠷ ᠦᠨᠳᠦᠰᠦᠲᠡᠨ ᠤ ᠭᠦᠨᠵᠡᠭᠡᠢ ᠬᠠᠮᠲᠤᠷᠠᠯᠴᠠᠭ᠎ᠠ ᠨᠢ ᠯᠢᠦ ᠾᠧ ᠲᠣᠰᠬᠤᠨ ᠤ ᠠᠯᠠᠰᠢᠨ ᠦᠬᠡᠷ ᠤᠨ ᠠᠵᠤ ᠦᠢᠯᠡᠰ ᠤᠨ ᠥᠷᠨᠢᠩᠭᠦᠢ ᠬᠥᠭᠵᠢᠯᠲᠡ ᠶᠢ ᠠᠬᠢᠭᠤᠯᠵᠠᠢ᠃ ᠤᠳᠤᠬᠠᠨ ᠳᠤ ᠯᠢᠦ ᠾᠧ ᠲᠣᠰᠬᠤᠨ ᠤ ᠠᠯᠠᠰᠢᠨ ᠦᠬᠡᠷ ᠤᠨ ᠲᠤᠭ᠎ᠠ ᠨᠢᠭᠡᠨᠲᠡ 900 ᠭᠠᠷᠤᠢ ᠪᠣᠯᠵᠤ᠂ ᠲᠣᠰᠬᠤᠨ ᠤ ᠠᠷᠠᠳ ᠤᠨ ᠬᠥᠮᠥᠨ ᠳᠤᠮᠳᠠᠴᠢ ᠶᠢᠨ ᠣᠷᠣᠯᠭ᠎ᠠ ᠴᠤ 2018 ᠣᠨ ᠤ 9000 ᠲᠥᠭᠦᠷᠢᠭ ᠪᠠᠶᠢᠭᠰᠠᠨ ᠠᠴᠠ ᠶᠡᠭᠡ ᠪᠠᠷ ᠨᠡᠮᠡᠭᠳᠡᠭᠡᠳ 2023 ᠣᠨ ᠤ ᠰᠡᠭᠦᠯᠴᠢ ᠶᠢᠨ 2 ᠲᠦᠮᠡᠨ ᠲᠥᠭᠦᠷᠢᠭ ᠲᠤ ᠬᠦᠷᠴᠡᠢ᠃    ᠬᠤᠶᠠᠷ ᠲᠠᠯ᠎ᠠ ᠪᠠᠷ ᠢᠶᠠᠨ ᠪᠣᠷᠣ ᠬᠠᠯᠢᠰᠤᠳᠤ ᠰᠠᠷᠢᠮᠰᠠᠭ ᠪᠣᠯᠣᠨ ᠠᠯᠠᠰᠢᠨ ᠦᠬᠡᠷ ᠤᠨ ᠠᠵᠤ ᠦᠢᠯᠡᠰ ᠢ ᠶᠡᠬᠡᠪᠡᠷ ᠬᠥᠭᠵᠢᠭᠦᠯᠦᠭᠰᠡᠨ ᠨᠢ ᠬᠠᠮᠲᠤ ᠪᠠᠷ ᠴᠢᠷᠮᠠᠶᠢᠭᠰᠠᠨ ᠤ ᠦᠷ᠎ᠡ ᠪᠦᠲᠦᠭᠡᠯ ᠪᠣᠯᠬᠤ ᠪᠠᠷ ᠪᠠᠷᠠᠬᠤ ᠦᠭᠡᠢ᠂ ᠨᠡᠩ ᠴᠤ ᠦᠨᠳᠦᠰᠦᠲᠡᠨ ᠨᠦᠭᠦᠳ ᠪᠦᠯᠬᠦᠮᠳᠡᠵᠦ᠂ ᠭᠠᠷ ᠬᠤᠯᠪᠣᠨ ᠬᠥᠭᠵᠢᠭᠰᠡᠨ ᠤ ᠠᠮᠢᠳᠤᠯᠢᠭ ᠵᠢᠷᠤᠭᠯᠠᠯ ᠪᠣᠯᠬᠤ ᠶᠤᠮ᠃
 
ᠢᠷᠡᠯᠲᠡ᠄ ᠦᠨᠳᠦᠰᠦᠳᠡᠨ ᠦ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号