ᠥᠪᠥᠷ ᠮᠣᠩᠭᠤᠯ ᠤᠨ ᠪᠤᠭᠤᠲᠤ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠰᠣᠷᠢᠯᠲᠠ ᠬᠢᠪᠠ
ᠨᠡᠶᠢᠲᠡᠯᠡᠭᠰᠡᠨ ᠴᠠᠭ᠄
2024/8/16
    ᠣᠶᠢᠷ᠎ᠠ ᠳᠤ᠂ ᠥᠪᠥᠷ ᠮᠣᠩᠭᠤᠯ ᠤᠨ ᠪᠤᠭᠤᠲᠤ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠲᠦᠩ ᠬᠠᠮᠢᠶᠠᠷᠤᠯᠲᠠ ᠶᠢᠨ ᠠᠯᠪᠠᠨ ᠬᠡᠷ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠤᠰᠤᠨ ᠰᠢᠨᠵᠢᠯᠡᠭᠡᠨ ᠤ ᠲᠣᠪᠴᠢᠶ᠎ᠠ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠥᠬᠡ ᠣᠭᠲᠠᠷᠭᠤᠶ ᠠᠴᠠ ᠠᠪᠤᠷᠠᠨ ᠲᠤᠰᠠᠯᠠᠬᠤ ᠠᠩᠭᠢ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ᠂ ᠡᠮᠦᠨᠡᠲᠦ ᠲᠠᠩᠭᠢᠰ ᠤᠨ ᠨᠤᠭᠤ ᠭᠠᠵᠠᠷ ᠤᠨ ᠴᠡᠴᠡᠷᠯᠢᠭ ᠲᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶᠢᠯᠡᠭᠰᠡᠨ ᠰᠣᠷᠢᠯᠲᠠ ᠬᠢᠪᠠ᠃    ᠭᠠᠮᠰᠢᠭ ᠤᠨ ᠪᠠᠶᠢᠳᠠᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠰᠣᠷᠢᠯᠲᠠ ᠳᠤ ᠣᠩᠭᠤᠴᠠ ᠬᠥᠷᠪᠡᠭᠦᠯᠵᠦ ᠥᠪᠡᠷ ᠢ ᠪᠠᠨ ᠠᠪᠤᠷᠠᠬᠤ᠂ ᠲᠦᠷᠭᠡᠨ ᠵᠢᠭᠤᠲᠠᠩᠭᠤᠶ ᠪᠠᠷ ᠠᠪᠤᠷᠠᠨ ᠲᠤᠰᠠᠯᠠᠬᠤ᠂ ᠠᠮᠢᠳᠤ ᠥᠭᠶᠥᠭᠡ ᠪᠠᠷ ᠠᠪᠤᠷᠠᠨ ᠲᠤᠰᠠᠯᠠᠬᠤ ᠵᠡᠷᠭᠡ ᠣᠯᠠᠨ ᠵᠦᠢᠯ ᠤᠨ ᠪᠣᠳᠠᠲᠠᠶ ᠠᠵᠢᠯᠯᠠᠭ᠎ᠠ ᠲᠣᠬᠢᠷᠠᠭᠤᠯᠵᠤ᠂ ᠡᠯ᠎ᠡ ᠲᠥᠷᠥᠯ ᠤᠨ ᠣᠩᠭᠤᠴᠠ 15᠂ ᠭᠠᠯ ᠤᠨᠲᠠᠷᠠᠭᠠᠬᠤ ᠲᠡᠷᠭᠡ 25᠂ ᠵᠢᠯᠣᠭᠤᠳᠣᠭᠴᠢ ᠪᠠᠶᠢᠯᠳᠤᠭᠴᠢᠳ ᠢ ᠨᠡᠶᠢᠲᠡ 100 ᠭᠠᠷᠤᠶ ᠬᠥᠮᠦᠨ ᠣᠷᠣᠯᠴᠠᠭᠤᠯᠤᠭᠰᠠᠨ ᠪᠠᠶᠢᠨ᠎ᠠ᠃ ᠰᠣᠷᠢᠯᠲᠠ ᠶᠢᠨ ᠶᠠᠪᠤᠴᠠ ᠳᠤ᠂ ᠰᠣᠷᠢᠯᠲᠠ ᠳᠤ ᠣᠷᠣᠯᠴᠠᠭᠰᠠᠨ ᠪᠥᠬᠦ ᠵᠢᠯᠣᠭᠤᠳᠣᠭᠴᠢ ᠪᠠᠶᠢᠯᠳᠤᠭᠴᠢᠳ ᠴᠤᠭ ᠵᠢᠪᠬᠤᠭ᠎ᠠ ᠲᠡᠭᠦᠯᠳᠡᠷ᠂ ᠲᠤᠰᠬᠠᠯ ᠲᠦᠷᠭᠡᠨ ᠪᠠᠶᠢᠵᠤ᠂ ᠨᠠᠷᠢᠨ ᠨᠢᠭᠲᠠ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ᠂ ᠵᠢᠷᠤᠮᠵᠢᠭᠤᠨ ᠠᠵᠢᠯᠯᠠᠭᠠᠨ ᠤ ᠲᠠᠰ ᠳᠠᠷᠠᠭᠠᠯᠠᠯ᠂ ᠴᠢᠩᠭ᠎ᠠ ᠲᠣᠳᠣᠷᠬᠠᠶ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠪᠠ ᠡᠷᠡᠰ ᠬᠠᠲᠠᠭᠤ ᠳᠠᠶᠢᠴᠢᠨ ᠰᠤᠷᠲᠠᠯ ᠢ ᠭᠦᠢᠴᠡᠳ ᠢᠯᠡᠷᠡᠭᠦᠯᠵᠦ᠂ ᠪᠤᠭᠤᠲᠤ ᠶᠢᠨ ᠭᠠᠯ ᠤᠨᠲᠠᠷᠠᠭᠠᠬᠤ ᠤᠰᠤᠨ ᠣᠷᠣᠨ ᠤ ᠠᠪᠤᠷᠠᠨ ᠲᠤᠰᠠᠯᠠᠬᠤ ᠡᠩᠨᠡᠭᠡ ᠶᠢᠨ ᠲᠤᠰᠬᠠᠶ ᠮᠡᠷᠭᠡᠵᠢᠯ ᠤᠨ ᠰᠢᠢᠳᠪᠦᠷᠢᠯᠡᠯᠲᠡ ᠪᠠ ᠬᠠᠮᠵᠢᠯᠴᠠᠨ ᠪᠠᠶᠢᠯᠳᠤᠬᠤ ᠴᠢᠳᠠᠪᠤᠷᠢ ᠶᠢ ᠪᠦᠲᠦᠮᠵᠢᠲᠡᠶ ᠰᠢᠯᠭᠠᠨ ᠪᠠᠶᠢᠴᠠᠭᠠᠵᠠᠶ᠃    ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠪᠤᠭᠤᠲᠤ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠲᠣᠰ ᠤᠳᠠᠭᠠᠨ ᠤ ᠪᠣᠳᠠᠲᠤ ᠪᠠᠶᠢᠯᠳᠤᠭᠠᠨ ᠤ ᠰᠣᠷᠢᠯᠲᠠ ᠪᠠᠷ ᠠᠵᠠ ᠲᠣᠬᠢᠶᠠᠯ ᠪᠣᠯᠭᠠᠵᠤ᠂ ᠣᠷᠣᠨ ᠪᠦᠰᠡ᠂ ᠬᠤᠪᠢᠶᠠᠷᠢ ᠠᠩᠭᠢ ᠥᠷᠲᠡᠭᠡ ᠬᠤᠪᠢᠶᠠᠨ᠂ ᠦᠶᠡᠷ ᠤᠨ ᠭᠠᠮᠰᠢᠭ᠂ ᠤᠰᠤᠲᠤᠯ᠂ ᠰᠢᠷᠦᠭᠦᠨ ᠤᠷᠤᠰᠬᠠᠯ ᠵᠡᠷᠭᠡ ᠪᠤᠳᠤᠯᠢᠶᠠᠨᠲᠠᠶ ᠣᠷᠴᠢᠨ ᠲᠣᠭᠤᠷᠢᠨ ᠤ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠪᠣᠳᠠᠲᠤ ᠪᠠᠶᠢᠳᠠᠯ ᠤᠨ ᠪᠣᠯᠪᠠᠰᠤᠷᠠᠯ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠲᠥᠷᠥᠯ ᠬᠡᠯᠪᠡᠷᠢ ᠬᠤᠪᠢᠶᠠᠨ ᠥᠷᠨᠢᠭᠦᠯᠵᠦ᠂ ᠪᠠᠶᠢᠯᠳᠤᠭᠠᠨ ᠤ ᠣᠷᠣᠨ ᠲᠤᠭ᠎ᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠤᠰᠤᠨ ᠣᠷᠣᠨ ᠤ ᠠᠪᠤᠷᠠᠨ ᠲᠤᠰᠠᠯᠠᠬᠤ ᠮᠡᠷᠭᠡᠵᠢᠯ ᠪᠠᠶᠢᠯᠳᠤᠬᠤ ᠠᠷᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ  ᠵᠦᠢᠯ ᠤᠨ ᠠᠪᠤᠷᠠᠨ ᠲᠤᠰᠠᠯᠠᠬᠤ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号