ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠰᠦᠢᠳᠬᠡᠯ ᠤᠨ ᠪᠠᠲᠤᠯᠠᠭ᠎ᠠ ᠶᠢᠨ ᠠᠷᠭ᠎ᠠ
ᠨᠡᠶᠢᠲᠡᠯᠡᠭᠰᠡᠨ ᠴᠠᠭ᠄
2024/8/16
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠠᠷᠠᠳ ᠤᠨ ᠵᠠᠰᠠᠭ ᠤᠨ ᠣᠷᠳᠣᠨ ᠤ ᠵᠠᠷᠯᠢᠭ                                       269 ᠳ᠋ᠦ᠋ᠭᠡᠷ ᠲᠣᠭᠠᠲᠤ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠰᠦᠢᠳᠬᠡᠯ ᠤᠨ ᠪᠠᠲᠤᠯᠠᠭ᠎ᠠ ᠶᠢᠨ ᠠᠷᠭ᠎ᠠ︾ ᠶᠢ ᠨᠢᠭᠡᠨᠲᠡ 2024 ᠣᠨ ᠤ 6 ᠳ᠋ᠤᠭᠠᠷ ᠰᠠᠷ᠎ᠠ ᠶᠢᠨ 20 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 17 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠂ 2024 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                                                        ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ                                                              2024 ᠣᠨ ᠤ 7 ᠳ᠋ᠤᠭᠠᠷ ᠰᠠᠷ᠎ᠠ ᠶᠢᠨ 1 ᠤ ᠡᠳᠦᠷ                                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                                         ᠭᠠᠶᠢᠯᠢ ᠰᠦᠢᠳᠬᠡᠯ ᠤᠨ ᠪᠠᠲᠤᠯᠠᠭ᠎ᠠ ᠶᠢᠨ ᠠᠷᠭ᠎ᠠ    ᠨᠢᠭᠡᠳᠦᠭᠡᠷ ᠵᠦᠢᠯ  ᠭᠠᠶᠢᠯᠢ ᠰᠦᠢᠳᠬᠡᠯ ᠤᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠶᠢ ᠴᠢᠩᠭᠠᠳᠬᠠᠵᠤ᠂ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠳ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃    ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠭᠠᠶᠢᠯᠢ ᠰᠦᠢᠳᠬᠡᠯ ᠤᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠠᠵᠢᠯ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃    ᠲᠤᠰ ᠠᠷᠭ᠎ᠠ ᠳᠤ ᠬᠡᠯᠡᠵᠦ ᠪᠠᠶᠢᠭ᠎ᠠ ᠭᠠᠶᠢᠯᠢ ᠰᠦᠢᠳᠬᠡᠯ ᠭᠡᠳᠡᠭ ᠲᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠲᠠᠲᠠᠪᠤᠷᠢᠯᠠᠭᠰᠠᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠠ ᠭᠠᠶᠢᠯᠢ ᠶᠢᠨ ᠪᠤᠰᠤ ᠣᠷᠣᠯᠭ᠎ᠠ ᠪᠠᠭᠲᠠᠨ᠎ᠠ᠃    ᠭᠤᠷᠪᠠᠳᠤᠭᠠᠷ ᠵᠦᠢᠯ  ᠭᠠᠶᠢᠯᠢ ᠰᠦᠢᠳᠬᠡᠯ ᠤᠨ ᠪᠠᠲᠤᠯᠠᠭ᠎ᠠ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠵᠠᠰᠠᠭ ᠤᠨ ᠣᠷᠳᠣᠨ ᠨᠢᠭᠡᠳᠦᠯᠲᠡᠢ ᠲᠥᠯᠥᠪᠯᠡᠬᠦ᠂ ᠭᠠᠶᠢᠯᠢ ᠶᠢᠨ ᠶᠠᠪᠤᠳᠠᠯ ᠭᠤᠣᠯᠯᠠᠨ ᠬᠠᠷᠢᠭᠤᠴᠠᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ ᠵᠠᠷᠴᠢᠮ ᠢ ᠵᠢᠷᠤᠮᠯᠠᠬᠤ ᠬᠡᠷᠡᠭᠲᠡᠢ᠃    ᠳᠥᠷᠪᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠭᠠᠶᠢᠯᠢ ᠰᠦᠢᠳᠬᠡᠯ ᠤᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠭᠠᠶᠢᠯᠢ ᠰᠦᠢᠳᠬᠡᠯ ᠲᠠᠲᠠᠪᠤᠷᠢᠯᠠᠵᠤ ᠬᠠᠮᠢᠶᠠᠷᠬᠤ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠶᠢᠯᠢ ᠰᠦᠢᠳᠬᠡᠯ ᠲᠠᠲᠠᠪᠤᠷᠢᠯᠠᠵᠤ ᠬᠠᠮᠢᠶᠠᠷᠬᠤ ᠠᠵᠢᠯ ᠤᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠤᠳ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠬᠠᠮᠢᠶᠠᠷᠤᠯᠲᠠ ᠶᠢᠨ ᠳᠦᠷᠢᠮ ᠶᠣᠰᠣᠭᠠᠷ ᠪᠠᠲᠤᠯᠠᠨ᠎ᠠ᠃    ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢ ᠬᠠᠪᠰᠤᠷᠴᠤ ᠪᠠᠶᠢᠭᠠᠳ ᠭᠠᠶᠢᠯᠢ ᠰᠦᠢᠳᠬᠡᠯ ᠤᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃    ᠲᠠᠪᠤᠳᠤᠭᠠᠷ ᠵᠦᠢᠯ  ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠰᠦᠢᠳᠬᠡᠯ ᠤᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠠᠵᠢᠯ ᠢ ᠬᠠᠷᠢᠭᠤᠴᠠᠨ ᠰᠠᠶᠢᠲᠤᠷ ᠬᠢᠨ᠎ᠡ᠃    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠥᠪᠡᠷ ᠥᠪᠡᠷ ᠤᠨ ᠢᠶᠠᠨ ᠡᠭᠦᠷᠭᠡ ᠬᠠᠷᠢᠭᠤᠴᠠᠯᠭ᠎ᠠ ᠶᠣᠰᠣᠭᠠᠷ ᠭᠠᠶᠢᠯᠢ ᠰᠦᠢᠳᠬᠡᠯ ᠤᠨ ᠪᠠᠲᠤᠯᠠᠭ᠎ᠠ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃    ᠵᠢᠷᠭᠤᠳᠤᠭᠠᠷ ᠵᠦᠢᠯ  ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠲᠠᠢ ᠬᠠᠮᠲᠤᠷᠠᠨ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠭᠠᠶᠢᠯᠢ ᠰᠦᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠭᠠᠶᠢᠯᠢ ᠰᠦᠢᠳᠬᠡᠯ ᠲᠤᠰᠢᠶᠠᠬᠤ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠢ᠃    ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠤᠳ ᠭᠠᠶᠢᠯᠢ ᠰᠦᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠨᠡᠶᠢᠲᠡ ᠶᠢᠨ ᠠᠰᠠᠷᠠᠮᠵᠢᠲᠤ ᠤᠬᠠᠭᠤᠯᠭ᠎ᠠ ᠶᠢ ᠥᠷᠨᠢᠭᠦᠯᠵᠦ᠂ ᠪᠦᠬᠦ ᠨᠡᠶᠢᠭᠡᠮ ᠤᠨ ᠬᠢᠨ ᠤ ᠬᠠᠤᠯᠢ ᠶᠣᠰᠣᠭᠠᠷ ᠭᠠᠶᠢᠯᠢ ᠰᠦᠢᠳᠬᠡᠯ ᠲᠤᠰᠢᠶᠠᠬᠤ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠢ᠃    ᠳᠣᠯᠣᠳᠤᠭᠠᠷ ᠵᠦᠢᠯ  ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠲᠠᠢ ᠬᠠᠮᠲᠤᠷᠠᠨ ᠭᠠᠶᠢᠯᠢ ᠰᠦᠢᠳᠬᠡᠯ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠦᠬᠦ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠢᠶᠠᠷ ᠳᠠᠮᠵᠢᠭᠤᠯᠤᠨ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠵᠦ ᠬᠠᠮᠲᠤ ᠪᠠᠷ ᠬᠡᠷᠡᠭᠯᠡᠬᠦ ᠶᠢ ᠠᠬᠢᠭᠤᠯᠬᠤ ᠬᠡᠷᠡᠭᠲᠡᠢ᠃    ᠮᠡᠳᠡᠭᠡ ᠵᠠᠩᠭᠢ ᠶᠢ ᠲᠠᠪᠴᠠᠩ ᠢᠶᠠᠷ ᠬᠠᠮᠲᠤ ᠳᠤ ᠪᠠᠨ ᠬᠦᠷᠲᠡᠬᠦ ᠶᠢᠨ ᠠᠷᠭ᠎ᠠ ᠦᠭᠡᠢ ᠪᠣᠯ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠲᠠᠢ ᠬᠠᠮᠲᠤᠷᠠᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠠᠷᠭ᠎ᠠ ᠮᠠᠶ᠋ᠢᠭ ᠢ ᠵᠥᠪᠳᠡᠯᠴᠡᠨ ᠲᠣᠭᠲᠠᠭᠠᠨ᠎ᠠ᠃    ᠨᠠᠢᠮᠠᠳᠤᠭᠠᠷ ᠵᠦᠢᠯ  ᠭᠠᠶᠢᠯᠢ ᠰᠦᠢᠳᠬᠡᠯ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠳᠤ ᠭᠠᠷᠴᠠᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠲᠠᠢ ᠬᠠᠮᠲᠤᠷᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠭᠠᠶᠢᠯᠢ ᠰᠦᠢᠳᠬᠡᠯ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠭᠠᠷᠴᠠᠭ ᠢ ᠪᠠᠶᠢᠭᠤᠯᠵᠤ᠂ ᠬᠠᠮᠲᠤ ᠳᠤ ᠪᠠᠨ ᠬᠦᠷᠲᠡᠬᠦ ᠬᠡᠪᠴᠢᠶ᠎ᠡ᠂ ᠬᠠᠮᠲᠤ ᠳᠤ ᠪᠠᠨ ᠬᠦᠷᠲᠡᠬᠦ ᠠᠭᠤᠯᠭ᠎ᠠ᠂ ᠳ᠋ᠠᠶᠢᠲ᠋ᠠ ᠶᠢᠨ ᠬᠡᠯᠪᠡᠷᠢ᠂ ᠰᠢᠨᠡᠳᠬᠡᠬᠦ ᠳᠠᠪᠲᠠᠮᠵᠢ ᠵᠡᠷᠭᠡ ᠶᠢ ᠲᠣᠳᠣᠷᠬᠠᠶᠢᠯᠠᠨ᠎ᠠ᠃    ᠶᠢᠰᠦᠳᠦᠭᠡᠷ ᠵᠦᠢᠯ  ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠬᠢᠨ ᠤ ᠭᠠᠶᠢᠯᠢ ᠰᠦᠢᠳᠬᠡᠯ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠬᠤ᠂ ᠰᠣᠯᠢᠯᠴᠠᠬᠤ᠂ ᠬᠡᠷᠡᠭᠯᠡᠬᠦ ᠪᠠ ᠬᠠᠳᠠᠭᠠᠯᠠᠨ ᠬᠠᠮᠢᠶᠠᠷᠬᠤ ᠳᠤ ᠪᠠᠨ ᠭᠠᠶᠢᠯᠢ ᠰᠦᠢᠳᠬᠡᠯ ᠳᠤ ᠬᠤᠯᠪᠣᠭᠳᠠᠬᠤ ᠮᠡᠳᠡᠭᠡ ᠵᠠᠩᠭᠢ ᠶᠢᠨ ᠬᠤᠯᠪᠣᠭᠳᠠᠭᠰᠠᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠶᠢ ᠬᠠᠮᠠᠭᠠᠯᠠᠬᠤ ᠬᠡᠷᠡᠭᠲᠡᠢ᠂ ᠭᠠᠶᠢᠯᠢ ᠰᠦᠢᠳᠬᠡᠯ ᠳᠤ ᠬᠤᠯᠪᠣᠭᠳᠠᠬᠤ ᠮᠡᠳᠡᠭᠡ ᠵᠠᠩᠭᠢ ᠶᠢ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠠᠴᠠ ᠭᠠᠳᠠᠨᠠᠬᠢ ᠬᠡᠷᠡᠭᠯᠡᠯᠲᠡ ᠳᠤ ᠬᠡᠷᠡᠭᠯᠡᠵᠦ ᠪᠣᠯᠬᠤ ᠦᠭᠡᠢ᠃    ᠠᠷᠪᠠᠳᠤᠭᠠᠷ ᠵᠦᠢᠯ  ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠭᠠᠶᠢᠯᠢ ᠰᠦᠢᠳᠬᠡᠯ ᠲᠠᠲᠠᠪᠤᠷᠢᠯᠠᠵᠤ ᠬᠠᠮᠢᠶᠠᠷᠬᠤ ᠵᠡᠷᠭᠡ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢ ᠬᠠᠤᠯᠢ ᠶᠣᠰᠣᠭᠠᠷ ᠬᠠᠮᠵᠢᠯᠴᠠᠵᠤ ᠪᠠᠶᠢᠭᠠᠳ ᠭᠠᠶᠢᠯᠢ ᠰᠦᠢᠳᠬᠡᠯ ᠤᠨ ᠢᠷᠡᠯᠲᠡ ᠶᠢ ᠬᠢᠨᠠᠨ ᠪᠠᠶᠢᠴᠠᠭᠠᠬᠤ ᠶᠢᠨ ᠬᠠᠮᠲᠤ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠬᠤ ᠬᠡᠷᠡᠭᠲᠡᠢ᠃    ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠮᠡᠳᠡᠭᠡ ᠵᠠᠩᠭᠢ ᠳᠤ ᠨᠢ ᠬᠤᠪᠢᠷᠠᠯᠲᠠ ᠭᠠᠷᠤᠭᠰᠠᠨ᠂ ᠬᠢᠷᠢ ᠴᠢᠳᠠᠮᠵᠢ ᠬᠢᠷᠢ ᠭᠡᠮ ᠨᠢ ᠲᠣᠳᠣᠷᠬᠠᠢ ᠪᠤᠰᠤ ᠪᠤᠶᠤ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠦᠷᠳᠡᠬᠦ ᠨᠥᠬᠦᠴᠡᠯ ᠨᠢ ᠪᠠᠯᠠᠷᠬᠠᠢ ᠪᠠᠶᠢᠭ᠎ᠠ ᠵᠡᠷᠭᠡ ᠦᠢᠯᠡ ᠪᠠᠶᠢᠳᠠᠯ ᠪᠠᠶᠢᠬᠤ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠳᠤ ᠳᠡᠪᠰᠢᠭᠦᠯᠦᠭᠡᠳ ᠬᠢᠨᠠᠨ ᠪᠠᠶᠢᠴᠠᠭᠠᠯᠭᠠᠵᠤ ᠪᠣᠯᠣᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠢᠨᠠᠨ ᠬᠠᠷᠭᠤᠭᠤᠯᠤᠭᠠᠳ ᠬᠢᠨᠠᠨ ᠪᠠᠶᠢᠴᠠᠭᠠᠭᠰᠠᠨ ᠰᠠᠨᠠᠯ ᠭᠠᠷᠭᠠᠬᠤ ᠬᠡᠷᠡᠭᠲᠡᠢ᠃    ᠠᠷᠪᠠᠨ ᠨᠢᠭᠡᠳᠦᠭᠡᠷ ᠵᠦᠢᠯ  ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠪᠠᠶᠢᠭᠤᠯᠤᠮᠵᠢ ᠨᠢ ᠭᠠᠵᠠᠷ ᠰᠢᠷᠣᠢ᠂ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢ ᠳᠠᠩᠰᠠᠯᠠᠬᠤ ᠳᠤ ᠪᠠᠨ ᠲᠤᠰ ᠭᠠᠵᠠᠷ ᠰᠢᠷᠣᠢ᠂ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢᠨ ᠳᠠᠩᠰᠠᠯᠠᠯᠲᠠ ᠯᠤᠭ᠎ᠠ ᠬᠠᠮᠢᠶᠠᠳᠠᠬᠤ ᠭᠠᠶᠢᠯᠢ ᠲᠤᠰᠢᠶᠠᠭᠰᠠᠨ᠂ ᠭᠠᠶᠢᠯᠢ ᠢ ᠬᠠᠰᠤᠵᠤ ᠭᠠᠶᠢᠯᠢ ᠠᠴᠠ ᠬᠡᠯᠲᠦᠷᠢᠭᠦᠯᠦᠭᠰᠡᠨ ᠵᠡᠷᠭᠡ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠤᠯᠢ ᠶᠣᠰᠣᠭᠠᠷ ᠪᠠᠶᠢᠴᠠᠭᠠᠨ ᠰᠢᠯᠭᠠᠬᠤ ᠬᠡᠷᠡᠭᠲᠡᠢ᠃ ᠭᠡᠷ᠎ᠡ ᠶᠢᠨ ᠭᠠᠶᠢᠯᠢ ᠶᠢ ᠲᠣᠭᠲᠠᠭᠠᠯ ᠶᠣᠰᠣᠭᠠᠷ ᠲᠤᠰᠢᠶᠠᠭᠰᠠᠨ ᠦᠭᠡᠢ ᠪᠣᠯ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠪᠠᠶᠢᠭᠤᠯᠤᠮᠵᠢ ᠨᠢ ᠬᠠᠤᠯᠢ ᠶᠣᠰᠣᠭᠠᠷ ᠭᠠᠵᠠᠷ ᠰᠢᠷᠣᠢ᠂ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢᠨ ᠳᠠᠩᠰᠠᠯᠠᠯᠲᠠ ᠶᠢ ᠦᠯᠦ ᠬᠢᠵᠦ ᠥᠭᠬᠦ ᠬᠡᠷᠡᠭᠲᠡᠢ᠃    ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠲᠤᠰᠢᠶᠠᠭᠴᠢ᠂ ᠰᠠᠭᠤᠯᠭᠠᠨ ᠲᠤᠰᠢᠶᠠᠬᠤ ᠡᠭᠦᠷᠭᠡᠳᠡᠨ ᠤ ᠦᠯᠦ ᠬᠥᠳᠡᠯᠬᠦ ᠬᠥᠷᠥᠩᠭᠡ ᠶᠢ ᠬᠠᠤᠯᠢ ᠶᠣᠰᠣᠭᠠᠷ ᠪᠠᠶᠢᠴᠠᠭᠠᠨ ᠪᠢᠲᠡᠭᠦᠮᠵᠢᠯᠡᠬᠦ᠂ ᠦᠨ᠎ᠡ ᠬᠠᠶᠠᠨ ᠬᠤᠳᠠᠯᠳᠤᠬᠤ ᠪᠤᠶᠤ ᠬᠤᠪᠢᠷᠠᠭᠠᠨ ᠬᠤᠳᠠᠯᠳᠤᠬᠤ ᠳᠤ ᠬᠦᠷᠪᠡᠯ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠪᠠᠶᠢᠭᠤᠯᠤᠮᠵᠢ ᠨᠢ ᠬᠠᠤᠯᠢ ᠶᠣᠰᠣᠭᠠᠷ ᠬᠠᠮᠵᠢᠯᠴᠠᠬᠤ ᠬᠡᠷᠡᠭᠲᠡᠢ᠃    ᠠᠷᠪᠠᠨ ᠬᠤᠶᠠᠳᠤᠭᠠᠷ ᠵᠦᠢᠯ  ᠬᠤᠪᠢ ᠬᠥᠮᠥᠨ ᠰᠲ᠋ᠣᠺ ᠤᠨ ᠡᠷᠬᠡ ᠪᠠᠨ ᠰᠢᠯᠵᠢᠭᠦᠯᠦᠨ ᠥᠭᠬᠦ ᠪᠠᠷ ᠬᠤᠪᠢᠷᠠᠭᠤᠯᠬᠤ ᠳᠠᠩᠰᠠᠯᠠᠯᠲᠠ ᠪᠠᠨ ᠭᠦᠢᠴᠡᠳᠬᠡᠬᠦ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠯᠲᠠ ᠶᠢᠨ ᠪᠠᠶᠢᠭᠤᠯᠭ᠎ᠠ ᠨᠢ ᠲᠤᠰ ᠰᠲ᠋ᠣᠺ ᠤᠨ ᠡᠷᠬᠡ ᠶᠢᠨ ᠠᠷᠠᠯᠵᠢᠶ᠎ᠠ ᠯᠤᠭ᠎ᠠ ᠬᠠᠮᠢᠶᠠᠳᠠᠬᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠲᠤᠰᠢᠶᠠᠭᠰᠠᠨ ᠪᠠᠷᠢᠮᠲᠠ ᠶᠢ ᠪᠠᠶᠢᠴᠠᠭᠠᠨ ᠰᠢᠯᠭᠠᠬᠤ ᠬᠡᠷᠡᠭᠲᠡᠢ᠃    ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠯᠲᠠ ᠶᠢᠨ ᠪᠠᠶᠢᠭᠤᠯᠭ᠎ᠠ ᠳᠤ ᠬᠤᠪᠢ ᠬᠥᠮᠥᠨ ᠤ ᠰᠲ᠋ᠣᠺ ᠤᠨ ᠡᠷᠬᠡ ᠪᠠᠨ ᠰᠢᠯᠵᠢᠭᠦᠯᠦᠨ ᠥᠭᠬᠦ ᠶᠢᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠲᠤᠰᠢᠶᠠᠭᠰᠠᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠩᠭᠠᠬᠤ ᠬᠡᠷᠡᠭᠲᠡᠢ᠃    ᠠᠷᠪᠠᠨ ᠭᠤᠷᠪᠠᠳᠤᠭᠠᠷ ᠵᠦᠢᠯ  ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢ ᠳᠠᠩᠰᠠᠯᠠᠯᠲᠠ ᠶᠢ ᠬᠦᠴᠦᠨ ᠦᠭᠡᠢ ᠪᠣᠯᠭᠠᠬᠤ ᠬᠠᠮᠢᠶ᠎ᠠ ᠪᠦᠬᠦᠢ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠳᠤ ᠪᠠᠨ᠂ ᠭᠠᠶᠢᠯᠢ ᠪᠠᠨ ᠪᠦᠬᠦᠨ ᠢ ᠲᠤᠰᠢᠶᠠᠭᠰᠠᠨ ᠭᠡᠷᠡᠴᠢ ᠪᠤᠶᠤ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢ ᠬᠦᠴᠦᠨ ᠦᠭᠡᠢ ᠪᠣᠯᠭᠠᠭᠰᠠᠨ ᠪᠠᠶᠢᠳᠠᠯ ᠢ ᠨᠢ ᠬᠠᠤᠯᠢ ᠶᠣᠰᠣᠭᠠᠷ ᠪᠠᠶᠢᠴᠠᠭᠠᠨ ᠰᠢᠯᠭᠠᠬᠤ ᠬᠡᠷᠡᠭᠲᠡᠢ︔ ᠬᠠᠩᠭᠠᠵᠤ ᠳᠡᠶᠢᠯᠬᠦ ᠦᠭᠡᠢ ᠳᠤ ᠨᠢ᠂ ᠤᠷᠢᠳ ᠢᠶᠠᠷ ᠭᠠᠶᠢᠯᠢ ᠪᠠᠨ ᠪᠦᠬᠦᠨ ᠢ ᠲᠤᠰᠢᠶᠠᠭᠰᠠᠨ ᠭᠡᠷᠡᠴᠢ ᠶᠢ ᠣᠯᠬᠤ ᠪᠤᠶᠤ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢ ᠬᠦᠴᠦᠨ ᠦᠭᠡᠢ ᠪᠣᠯᠭᠠᠬᠤ ᠪᠠᠷ ᠮᠡᠳᠡᠭᠳᠡᠬᠦ ᠬᠡᠷᠡᠭᠲᠡᠢ᠃    ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠤ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢ ᠬᠦᠴᠦᠨ ᠦᠭᠡᠢ ᠪᠣᠯᠭᠠᠭᠰᠠᠨ ᠮᠡᠳᠡᠭᠡ ᠵᠠᠩᠭᠢ ᠪᠠ ᠭᠠᠶᠢᠯᠢ ᠪᠠᠨ ᠪᠦᠬᠦᠨ ᠢ ᠲᠤᠰᠢᠶᠠᠭᠰᠠᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠩᠭᠠᠬᠤ ᠬᠡᠷᠡᠭᠲᠡᠢ᠃    ᠠᠷᠪᠠᠨ ᠳᠥᠷᠪᠡᠳᠦᠭᠡᠷ ᠵᠦᠢᠯ  ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠵᠡᠷᠭᠡ ᠰᠠᠯᠠᠭ᠎ᠠ ᠮᠥᠴᠢᠷ ᠨᠢ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠵᠤ ᠬᠠᠮᠢᠶᠠᠷᠬᠤ ᠠᠵᠢᠯ ᠤᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ ᠲᠤᠬᠠᠶᠢᠯᠠᠭᠰᠠᠨ ᠠᠵᠢᠯ ᠢ ᠬᠤᠯᠪᠤᠭᠠᠯᠠᠨ ᠭᠦᠢᠴᠡᠳᠬᠡᠬᠦ᠂ ᠮᠡᠳᠡᠭᠦᠯᠵᠦ ᠲᠤᠰᠢᠶᠠᠯᠭᠠᠬᠤ ᠪᠠᠷ ᠰᠢᠮᠳᠠᠭᠤᠯᠬᠤ᠂ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃    ᠠᠷᠪᠠᠨ ᠲᠠᠪᠤᠳᠤᠭᠠᠷ ᠵᠦᠢᠯ  ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠲᠠᠲᠠᠪᠤᠷᠢᠯᠠᠭᠰᠠᠨ ᠭᠠᠶᠢᠯᠢ ᠶᠢᠨ ᠪᠤᠰᠤ ᠣᠷᠣᠯᠭ᠎ᠠ ᠶᠢᠨ ᠵᠦᠢᠯᠡᠰ ᠲᠤ᠂ ᠭᠠᠶᠢᠯᠢ ᠶᠢᠨ ᠪᠤᠰᠤ ᠣᠷᠣᠯᠭ᠎ᠠ ᠶᠢᠨ ᠲᠤᠬᠠᠢᠯᠠᠭᠰᠠᠨ ᠠᠵᠢᠯ ᠢ ᠭᠤᠣᠯᠴᠢᠯᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠪᠠ ᠨᠢᠭᠡᠴᠢ ᠨᠢ ᠲᠣᠭᠲᠠᠭᠠᠯ ᠶᠣᠰᠣᠭᠠᠷ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠦᠨᠡᠨ ᠪᠣᠳᠠᠲᠠᠢ᠂ ᠣᠨᠣᠪᠴᠢᠲᠠᠢ ᠭᠠᠶᠢᠯᠢ ᠰᠦᠢᠳᠬᠡᠯ ᠤᠨ ᠢᠷᠡᠯᠲᠡ ᠶᠢᠨ ᠮᠡᠳᠡᠭᠡ ᠵᠠᠩᠭᠢ ᠵᠢᠴᠢ ᠲᠠᠲᠠᠪᠤᠷᠢᠯᠠᠬᠤ ᠮᠠᠲ᠋ᠧᠷᠢᠶᠠᠯ ᠬᠠᠩᠭᠠᠵᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢ ᠬᠠᠮᠵᠢᠯᠴᠠᠵᠤ ᠪᠠᠶᠢᠭᠠᠳ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠢ᠃    ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠶᠢᠨ ᠪᠤᠰᠤ ᠣᠷᠣᠯᠭ᠎ᠠ ᠶᠢᠨ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠪᠠ ᠨᠢᠭᠡᠴᠢ ᠵᠢᠴᠢ ᠡᠳ᠋ ᠤᠨ ᠵᠠᠰᠠᠭ ᠤᠨ ᠰᠠᠯᠠᠭ᠎ᠠ ᠮᠥᠴᠢᠷ᠂ ᠠᠷᠠᠳ ᠤᠨ ᠪᠠᠩᠬᠢ ᠳᠤ ᠬᠠᠮᠢᠶ᠎ᠠ ᠪᠦᠬᠦᠢ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠭᠰᠠᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠷᠢᠭᠤ ᠲᠤᠰᠬᠠᠬᠤ ᠬᠡᠷᠡᠭᠲᠡᠢ᠃    ᠠᠷᠪᠠᠨ ᠵᠢᠷᠭᠤᠳᠤᠭᠠᠷ ᠵᠦᠢᠯ  ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠠᠷᠠᠳ ᠤᠨ ᠰᠢᠭᠦᠬᠦ ᠬᠤᠷᠢᠶ᠎ᠠ ᠯᠤᠭ᠎ᠠ ᠬᠠᠮᠵᠢᠯᠴᠠᠬᠤ ᠲᠣᠭᠲᠠᠴᠠ ᠪᠠᠶᠢᠭᠤᠯᠵᠤ᠂ ᠠᠷᠠᠳ ᠤᠨ ᠰᠢᠭᠦᠬᠦ ᠬᠤᠷᠢᠶ᠎ᠠ ᠠᠯᠪᠠᠳᠠᠨ ᠭᠦᠢᠴᠡᠳᠬᠡᠭᠦᠯᠬᠦ᠂ ᠠᠵᠤ ᠠᠬᠤᠶᠢᠯᠠᠯ ᠳᠠᠮᠫᠤᠷᠠᠵᠤ ᠨᠠᠷᠢᠪᠴᠢᠯᠠᠨ ᠲᠣᠭᠠᠴᠠᠭᠠᠯᠠᠬᠤ ᠳᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠲᠡᠭᠦᠨ ᠤ ᠬᠠᠤᠯᠢ ᠶᠣᠰᠣᠭᠠᠷ ᠭᠠᠶᠢᠯᠢ ᠶᠢᠨ ᠮᠥᠩᠭᠦ ᠶᠢ ᠬᠠᠮᠵᠢᠨ ᠲᠠᠲᠠᠪᠤᠷᠢᠯᠠᠬᠤ ᠶᠢ ᠭᠤᠶᠤᠴᠢᠯᠠᠵᠤ ᠪᠣᠯᠣᠨ᠎ᠠ᠃    ᠠᠷᠪᠠᠨ ᠳᠣᠯᠣᠳᠤᠭᠠᠷ ᠵᠦᠢᠯ  ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠢᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠭᠡᠳ ᠡᠷᠡᠭᠦᠦ ᠶᠢᠨ ᠬᠠᠤᠯᠢ ᠬᠡᠷᠡᠭᠵᠢᠭᠦᠯᠬᠦ ᠶᠢᠨ ᠵᠣᠯᠭᠠᠯᠳᠤᠭᠰᠠᠨ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠴᠠᠭᠳᠠᠭ᠎ᠠ ᠭᠠᠶᠢᠯᠢ ᠶᠢᠨ ᠠᠵᠢᠯᠲᠠᠨ ᠬᠤᠯᠪᠤᠭᠠᠯᠠᠨ ᠬᠡᠷᠡᠭ ᠰᠢᠢᠳᠪᠦᠷᠢᠯᠡᠬᠦ ᠶᠢ ᠬᠡᠷᠡᠭᠵᠢᠭᠦᠯᠬᠦ ᠬᠡᠷᠡᠭᠲᠡᠢ᠃    ᠠᠷᠪᠠᠨ ᠨᠠᠢᠮᠠᠳᠤᠭᠠᠷ ᠵᠦᠢᠯ  ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠦᠢᠯᠡᠳᠪᠦᠷᠢᠯᠡᠯ ᠡᠵᠡᠩᠨᠡᠯᠲᠡ ᠬᠢᠵᠦ ᠪᠠᠢᠭ᠎ᠠ ᠭᠠᠶᠢᠯᠢ ᠲᠤᠰᠢᠶᠠᠭᠴᠢ᠂ ᠰᠠᠭᠤᠯᠭᠠᠨ ᠲᠤᠰᠢᠶᠠᠬᠤ ᠡᠭᠦᠷᠭᠡᠳᠡᠨ ᠤ ᠪᠠᠩᠬᠢ ᠪᠤᠶᠤ ᠪᠤᠰᠤᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠠᠬᠢ ᠬᠠᠳᠠᠭᠠᠯᠠᠮᠵᠢ ᠶᠢᠨ ᠳᠠᠩᠰᠠᠨ ᠡᠷᠦᠬᠡ ᠶᠢ ᠨᠢ ᠬᠠᠤᠯᠢ ᠶᠣᠰᠣᠭᠠᠷ ᠪᠠᠶᠢᠴᠠᠭᠠᠨ ᠯᠠᠪᠯᠠᠵᠤ ᠪᠣᠯᠣᠨ᠎ᠠ᠃    ᠬᠥᠮᠥᠨ ᠬᠡᠷᠡᠭᠯᠡᠬᠦ ᠨᠢᠭᠡᠴᠢ ᠨᠢ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠲᠤᠰᠢᠶᠠᠭᠰᠠᠨ ᠦᠭᠡᠢ ᠪᠤᠶᠤ ᠭᠦᠢᠴᠡᠳ ᠨᠥᠬᠦᠪᠦᠷᠢᠯᠡᠭᠰᠡᠨ ᠦᠭᠡᠢ ᠪᠠᠶᠢᠪᠠᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠪᠠᠩᠬᠢ ᠪᠠ ᠪᠤᠰᠤᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠲᠡᠭᠦᠨ ᠤ ᠬᠠᠳᠠᠭᠠᠯᠠᠮᠵᠢ ᠶᠢᠨ ᠳᠠᠩᠰᠠᠨ ᠡᠷᠦᠬᠡ ᠶᠢ ᠨᠢ ᠬᠠᠤᠯᠢ ᠶᠣᠰᠣᠭᠠᠷ ᠪᠠᠶᠢᠴᠠᠭᠠᠨ ᠯᠠᠪᠯᠠᠵᠤ ᠪᠣᠯᠣᠨ᠎ᠠ᠃    ᠠᠷᠪᠠ ᠶᠢᠰᠦᠳᠦᠭᠡᠷ ᠵᠦᠢᠯ  ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠨᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠭᠠᠶᠢᠯᠢ ᠰᠦᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠵᠢᠴᠢ ᠭᠠᠶᠢᠯᠢ ᠰᠦᠢᠳᠬᠡᠯ ᠲᠤᠰᠢᠶᠠᠬᠤ ᠳᠡᠰ ᠳᠠᠷᠠᠭᠠᠯᠠᠯ ᠪᠠ ᠱᠠᠭᠠᠷᠳᠠᠯᠭ᠎ᠠ ᠶᠢ ᠣᠶᠢᠯᠠᠭᠠᠬᠤ ᠡᠷᠬᠡ ᠲᠠᠢ᠃ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠳᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠭᠠᠶᠢᠯᠢ ᠰᠦᠢᠳᠬᠡᠯ ᠲᠤᠰᠢᠶᠠᠬᠤ ᠶᠢ ᠬᠠᠪᠰᠤᠷᠤᠨ ᠵᠢᠯᠤᠭᠤᠳᠬᠤ ᠵᠡᠷᠭᠡ ᠦᠢᠯᠡᠴᠢᠯᠡᠭᠡ ᠶᠢ ᠬᠠᠤᠯᠢ ᠶᠣᠰᠣᠭᠠᠷ ᠦᠨ᠎ᠡ ᠲᠥᠯᠥᠪᠦᠷᠢ ᠦᠭᠡᠢ ᠪᠠᠷ ᠬᠠᠩᠭᠠᠬᠤ ᠬᠡᠷᠡᠭᠲᠡᠢ᠃    ᠬᠤᠷᠢᠳᠤᠭᠠᠷ ᠵᠦᠢᠯ  ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠰᠦᠢᠳᠬᠡᠯ ᠤᠨ ᠦᠢᠯᠡᠴᠢᠯᠡᠭᠡᠨ ᠤ ᠠᠷᠭ᠎ᠠ ᠪᠠᠨ ᠲᠡᠭᠦᠯᠳᠡᠷᠵᠢᠭᠦᠯᠵᠦ᠂ ᠭᠠᠶᠢᠯᠢ ᠰᠦᠢᠳᠬᠡᠯ ᠲᠤᠰᠢᠶᠠᠬᠤ᠂ ᠭᠠᠶᠢᠯᠢ ᠰᠦᠢᠳᠬᠡᠯ ᠪᠤᠴᠠᠭᠠᠬᠤ ᠵᠡᠷᠭᠡ ᠦᠢᠯᠡᠴᠢᠯᠡᠭᠡᠨ ᠤ ᠴᠤᠪᠤᠷᠠᠯ ᠢᠶᠠᠨ ᠰᠢᠯᠢᠳᠡᠭᠵᠢᠭᠦᠯᠵᠦ᠂ ᠭᠠᠶᠢᠯᠢ ᠰᠦᠢᠳᠬᠡᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠭᠦᠢᠴᠡᠳᠬᠡᠬᠦ᠂ ᠠᠯᠠᠭᠠᠨ ᠳᠤ ᠪᠠᠨ ᠭᠦᠢᠴᠡᠳᠬᠡᠬᠦ᠂ ᠦᠪᠡᠰᠦᠪᠡᠨ ᠭᠦᠢᠴᠡᠳᠬᠡᠬᠦ᠂ ᠰᠠᠯᠠᠭ᠎ᠠ ᠮᠥᠴᠢᠷ ᠠᠯᠤᠰᠯᠠᠨ ᠬᠤᠯᠪᠤᠭᠠᠯᠠᠨ ᠭᠦᠢᠴᠡᠳᠬᠡᠬᠦ᠂ ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ ᠵᠡᠷᠭᠡ ᠶᠢ ᠠᠬᠢᠭᠤᠯᠤᠨ ᠂ ᠭᠠᠶᠢᠯᠢ ᠰᠦᠢᠳᠬᠡᠯ ᠲᠤᠰᠢᠶᠠᠬᠤ ᠦᠢᠯᠡᠴᠢᠯᠡᠭᠡᠨ ᠤ ᠨᠠᠷᠢᠯᠢᠭᠵᠢᠭᠤᠯᠤᠭᠰᠠᠨ᠂ ᠳᠥᠭᠦᠮᠴᠢᠯᠡᠭᠰᠡᠨ᠂ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃    ᠬᠤᠷᠢᠨ ᠨᠢᠭᠡᠳᠦᠭᠡᠷ ᠵᠦᠢᠯ  ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠡᠯᠧᠺᠲᠷᠣᠨ ᠪᠠᠷᠢᠮᠲᠠ ᠶᠢᠨ ᠬᠡᠷᠡᠭᠯᠡᠯᠲᠡ ᠶᠢ ᠳᠡᠯᠭᠡᠷᠡᠭᠦᠯᠵᠦ᠂ ᠡᠯᠧᠺᠲᠷᠣᠨ ᠪᠠᠷᠢᠮᠲᠠ ᠯᠤᠭ᠎ᠠ ᠬᠠᠷᠢᠯᠴᠠᠨ ᠵᠣᠬᠢᠴᠠᠯᠳᠤᠭᠰᠠᠨ ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ᠭᠠᠶᠢᠯᠢ ᠲᠤᠰᠢᠶᠠᠭᠴᠢ ᠳᠤ ᠡᠯᠧᠺᠲᠷᠣᠨ ᠪᠠᠷᠢᠮᠲᠠ ᠭᠠᠷᠭᠠᠬᠤ᠂ ᠬᠡᠷᠡᠭᠯᠡᠬᠦ ᠳᠤ ᠨᠢ ᠳᠥᠭᠦᠮ ᠳᠥᠲᠡ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ ᠬᠡᠷᠡᠭᠲᠡᠢ᠃    ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠤᠯᠤᠰ ᠤᠨ ᠲᠣᠭᠲᠠᠭᠠᠯ ᠶᠣᠰᠣᠭᠠᠷ ᠨᠢᠭᠲᠠᠯᠠᠨ ᠪᠣᠳᠣᠭᠴᠢ ᠶᠢᠨ ᠪᠠᠷᠢᠮᠲᠠ ᠶᠢ ᠡᠯᠧᠺᠲᠷᠣᠨᠴᠢᠯᠠᠨ ᠳᠠᠩᠰᠠ ᠲᠠᠶᠢᠯᠬᠤ᠂ ᠳᠠᠩᠰᠠᠯᠠᠬᠤ᠂ ᠳᠠᠩᠰᠠ ᠡᠪᠬᠡᠮᠡᠯ ᠳᠤ ᠣᠷᠣᠭᠤᠯᠬᠤ ᠵᠡᠷᠭᠡ ᠠᠵᠢᠯ ᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠨᠢᠭᠲᠠᠯᠠᠨ ᠪᠣᠳᠣᠭᠴᠢ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠡᠯᠧᠺᠲᠷᠣᠨᠴᠢᠯᠠᠭᠰᠠᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃    ᠬᠤᠷᠢᠨ ᠬᠤᠶᠠᠳᠤᠭᠠᠷ ᠵᠦᠢᠯ  ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠲᠠᠢ ᠬᠠᠮᠲᠤᠷᠠᠨ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠭᠠᠶᠢᠯᠢ ᠰᠦᠢᠳᠬᠡᠯ ᠲᠠᠲᠠᠪᠤᠷᠢᠯᠠᠨ ᠲᠤᠰᠢᠶᠠᠬᠤ ᠲᠤᠬᠠᠢ ᠬᠠᠮᠢᠶ᠎ᠠ ᠪᠦᠬᠦᠢ ᠮᠠᠷᠭᠤᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠠᠷᠭᠤᠯᠳᠤᠭᠠᠨ ᠵᠢᠭᠤᠷᠠᠯᠳᠤᠭᠠᠨ ᠢ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃    ᠬᠤᠷᠢᠨ ᠭᠤᠷᠪᠠᠳᠤᠭᠠᠷ ᠵᠦᠢᠯ  ᠭᠠᠶᠢᠯᠢ ᠰᠦᠢᠳᠬᠡᠯ ᠳᠤ ᠬᠤᠯᠪᠣᠭᠳᠠᠭᠰᠠᠨ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠰᠬᠠᠢ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ ᠳᠡᠮᠵᠢᠵᠦ᠂ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠳᠤ ᠲᠤᠰᠬᠠᠶᠢᠵᠢᠭᠰᠠᠨ᠂ ᠵᠢᠷᠤᠮᠵᠢᠭᠰᠠᠨ᠂ ᠥᠪᠡᠷᠮᠢᠴᠡ ᠭᠠᠶᠢᠯᠢ ᠰᠦᠢᠳᠬᠡᠯ ᠤᠨ ᠦᠢᠯᠡᠴᠢᠯᠡᠭᠡ ᠬᠠᠩᠭᠠᠬᠤ ᠬᠡᠷᠡᠭᠲᠡᠢ᠃    ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠢᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠭᠠᠶᠢᠯᠢ ᠰᠦᠢᠳᠬᠡᠯ ᠳᠤ ᠬᠤᠯᠪᠣᠭᠳᠠᠭᠰᠠᠨ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠳᠠᠬᠢ ᠠᠵᠢᠯ ᠡᠷᠬᠢᠯᠡᠯᠲᠡ ᠶᠢᠨ ᠬᠢᠨᠠᠯᠲᠠ ᠬᠠᠮᠢᠶᠠᠷᠤᠯᠲᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃    ᠬᠤᠷᠢᠨ ᠳᠥᠷᠪᠡᠳᠦᠭᠡᠷ ᠵᠦᠢᠯ  ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠲᠠᠢ ᠬᠠᠮᠲᠤᠷᠠᠨ ᠭᠠᠶᠢᠯᠢ ᠰᠦᠢᠳᠬᠡᠯ ᠲᠤᠰᠢᠶᠠᠬᠤ ᠶᠢᠨ ᠢᠲᠡᠭᠡᠮᠵᠢ ᠶᠢ ᠦᠨᠡᠯᠡᠬᠦ ᠪᠠ ᠤᠷᠮᠠᠰᠢᠭᠤᠯᠬᠤ ᠵᠠᠯᠬᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠢᠲᠡᠭᠡᠮᠵᠢ ᠶᠢᠨ ᠬᠥᠳᠡᠯᠦᠩᠭᠦᠢ ᠵᠡᠷᠭᠡ ᠳᠡᠰ ᠤᠨ ᠲᠥᠷᠥᠯ ᠠᠩᠭᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃    ᠬᠤᠷᠢᠨ ᠲᠠᠪᠤᠳᠤᠭᠠᠷ ᠵᠦᠢᠯ  ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠭᠡᠳ ᠴᠥᠮ ᠭᠠᠶᠢᠯᠢ ᠰᠦᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠤᠰ ᠠᠷᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠢ ᠢᠯᠡᠴᠢᠯᠡᠨ ᠮᠡᠳᠡᠭᠦᠯᠬᠦ ᠡᠷᠬᠡ ᠲᠠᠢ᠃    ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠢᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠤᠭᠰᠠᠨ ᠤ ᠳᠠᠷᠠᠭ᠎ᠠ ᠬᠠᠤᠯᠢ ᠶᠣᠰᠣᠭᠠᠷ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ ᠪᠥᠭᠡᠳ ᠢᠯᠡᠴᠢᠯᠡᠨ ᠮᠡᠳᠡᠭᠦᠯᠦᠭᠴᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ᠃    ᠬᠤᠷᠢᠨ ᠵᠢᠷᠭᠤᠳᠤᠭᠠᠷ ᠵᠦᠢᠯ  ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠢᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠭᠤᠣᠯᠳᠠᠯᠭ᠎ᠠ ᠲᠠᠢ ᠲᠦᠭᠰᠢᠭᠦᠷᠢ ᠶᠢᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠦᠭᠰᠢᠭᠦᠷᠢ ᠶᠢ ᠬᠥᠳᠡᠯᠦᠩᠭᠦᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠴᠢᠬᠤᠯᠠ ᠶᠡᠭᠡ ᠭᠠᠶᠢᠯᠢ ᠲᠠᠲᠠᠪᠤᠷᠢ ᠶᠢᠨ ᠲᠦᠭᠰᠢᠭᠦᠷᠢ ᠶᠢ ᠴᠠᠭ ᠲᠤᠬᠠᠢ ᠳᠤ ᠨᠢ ᠢᠯᠡᠷᠡᠭᠦᠯᠵᠦ᠂ ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃    ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠲᠠᠢ ᠬᠠᠮᠲᠤᠷᠠᠯᠴᠠᠨ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠭᠠᠶᠢᠯᠢ ᠰᠦᠢᠳᠬᠡᠯ ᠳᠤ ᠬᠤᠯᠪᠣᠭᠳᠠᠬᠤ ᠬᠤᠯᠪᠤᠭᠠᠯᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠭᠠᠶᠢᠯᠢ ᠰᠦᠢᠳᠬᠡᠯ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠢ ᠬᠠᠤᠯᠢ ᠶᠣᠰᠣᠭᠠᠷ ᠴᠠᠭ ᠲᠤᠬᠠᠢ ᠳᠤ ᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠭᠠᠶᠢᠯᠢ ᠰᠦᠢᠳᠬᠡᠯ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠰᠦᠪᠡᠭᠴᠢ ᠶᠢ ᠣᠯᠵᠤ ᠮᠡᠳᠡᠪᠡᠯ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ᠃    ᠬᠤᠷᠢᠨ ᠳᠣᠯᠣᠳᠤᠭᠠᠷ ᠵᠦᠢᠯ  ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃    ᠬᠤᠷᠢᠨ ᠨᠠᠢᠮᠠᠳᠤᠭᠠᠷ ᠵᠦᠢᠯ  ᠭᠠᠶᠢᠯᠢ ᠰᠦᠢᠳᠬᠡᠯ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠠᠵᠢᠯ ᠤᠨ ᠶᠠᠪᠤᠴᠠ ᠳᠤ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠣᠯ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠰᠢᠢᠳᠬᠡᠯ ᠣᠯᠭᠤᠨ᠎ᠠ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠬᠤᠷᠢ ᠶᠢᠰᠦᠳᠦᠭᠡᠷ ᠵᠦᠢᠯ  ᠲᠣᠰ ᠠᠷᠭ᠎ᠠ ᠶᠢ 2024 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2018 ᠣᠨ ᠤ 8 ᠳ᠋ᠤᠭᠠᠷ ᠰᠠᠷ᠎ᠠ ᠶᠢᠨ 31 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 235 ᠳ᠋ᠤᠭᠠᠷ ᠲᠣᠭᠠᠲᠤ ᠪᠠᠷ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠲᠠᠲᠠᠪᠤᠷᠢ ᠶᠢᠨ ᠪᠠᠲᠤᠯᠠᠭ᠎ᠠ ᠶᠢᠨ ᠠᠷᠭ᠎ᠠ︾ ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号