ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠠᠶᠠᠯᠠᠯ ᠬᠠᠮᠠᠭᠠᠯᠠᠬᠤ ᠵᠢᠭᠤᠯᠴᠢᠯᠠᠯ ᠤᠨ ᠬᠥᠭᠵᠢᠶᠡᠨᠲᠦ ᠤᠯᠠᠷᠢᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ
ᠨᠡᠶᠢᠲᠡᠯᠡᠭᠰᠡᠨ ᠴᠠᠭ᠄
2024/8/16
    ᠵᠣᠨ ᠤ ᠠᠮᠠᠷᠠᠯᠲᠠ ᠶᠢᠨ ᠵᠢᠭᠤᠯᠴᠢᠯᠠᠯ ᠤᠨ ᠬᠥᠭᠵᠢᠯᠲᠡᠶ ᠤᠯᠠᠷᠢᠯ ᠳᠤ ᠪᠥᠬᠦ ᠬᠤᠲᠠ ᠶᠢᠨ ᠭᠠᠯ ᠤᠨ ᠭᠠᠮᠰᠢᠭ ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠬᠠᠷᠢᠶ᠎ᠠ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠡᠳᠬᠢᠴᠡ ᠪᠠᠨ ᠰᠢᠨᠡᠴᠢᠯᠡᠵᠦ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠦᠵᠡᠮᠵᠢ ᠶᠢᠨ ᠣᠷᠣᠨ ᠦᠵᠡᠮᠵᠢ ᠶᠢᠨ ᠭᠠᠵᠠᠷ᠂ ᠵᠢᠭᠤᠯᠴᠢᠯᠠᠯ ᠳᠤ ᠬᠤᠯᠪᠣᠭᠳᠠᠬᠤ ᠲᠠᠯᠠᠪᠤᠷ ᠭᠠᠵᠠᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠵᠢᠭᠤᠯᠴᠢᠯᠠᠭᠴᠢᠳ ᠤᠨ ᠵᠢᠭᠤᠯᠴᠢᠯᠠᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠢ ᠬᠠᠮᠠᠭᠠᠯᠠᠵᠤ ᠪᠣᠶ᠃    ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠳᠠᠯᠳᠠ ᠭᠡᠮ ᠢ ᠬᠠᠨᠳᠤᠯᠭᠠᠲᠤ ᠪᠠᠷ ᠴᠡᠭᠴᠡᠯᠡᠨ ᠵᠠᠰᠠᠨ᠎ᠠ᠃ ᠰᠠᠯᠪᠤᠷᠢ ᠠᠩᠭᠢ ᠨᠢ ᠣᠳᠣᠬᠠᠨ ᠳᠤ ᠶᠠᠭ ᠥᠷᠨᠢᠭᠦᠯᠵᠦ ᠪᠠᠶᠢᠭ᠎ᠠ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠂ ︽ᠠᠮᠢ ᠨᠠᠰᠤᠨ ᠤ ᠨᠡᠪᠲᠡᠷᠡᠬᠦ ᠵᠠᠮ︾ ᠢ ᠨᠡᠪᠲᠡᠷᠡᠭᠦᠯᠬᠦ ᠵᠡᠷᠭᠡ ᠲᠤᠰᠬᠠᠶ ᠠᠵᠢᠯᠯᠠᠭ᠎ᠠ ᠲᠠᠢ ᠤᠶᠠᠯᠳᠤᠭᠤᠯᠤᠨ᠂ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠳᠣᠬᠠᠨ ᠤ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠪᠠᠶᠢᠳᠠᠯ ᠢ ᠬᠢᠨᠠᠮᠠᠭᠠᠶ ᠰᠤᠳᠤᠯᠤᠨ ᠮᠠᠭᠠᠳᠯᠠᠵᠤ᠂ ᠵᠣᠨ ᠤ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠬᠥᠭᠵᠢᠯᠲᠡᠶ ᠤᠯᠠᠷᠢᠯ ᠤᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠪᠠ᠃ ᠰᠠᠯᠪᠤᠷᠢ ᠠᠩᠭᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠠᠷᠢᠶᠠᠴᠢᠨ ᠠᠶᠢᠯ ᠤᠨ ᠪᠠᠶᠠᠰᠤᠯ ︵ᠠᠷᠠᠳ ᠤᠨ ᠣᠷᠣᠨ ᠰᠠᠭᠤᠴᠠ︶᠂ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠪᠠᠷᠢᠯᠭ᠎ᠠ᠂ ᠰᠦᠮ᠎ᠡ ᠬᠡᠶᠢᠳ᠂ ᠣᠯᠠᠨ ᠨᠡᠶᠢᠲᠡ ᠶᠢᠨ ᠵᠤᠭ᠎ᠠ ᠴᠡᠩᠭᠡᠯ ᠤᠨ ᠲᠠᠯᠠᠪᠤᠷ ᠵᠡᠷᠭᠡ ᠵᠢᠭᠤᠯᠴᠢᠯᠠᠯ ᠳᠤ ᠬᠤᠯᠪᠣᠭᠳᠠᠬᠤ ᠲᠠᠯᠠᠪᠤᠷ ᠭᠠᠵᠠᠷ ᠲᠤ ᠭᠦᠨᠵᠡᠭᠡᠶᠢᠷᠡᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠨ᠂ ᠪᠠᠶᠢᠴᠠᠭᠠᠵᠤ ᠢᠯᠡᠷᠡᠭᠦᠯᠦᠭᠰᠡᠨ ᠭᠠᠯ ᠤᠨ ᠠᠶᠤᠯ ᠤᠨ ᠳᠠᠯᠳᠠ ᠭᠡᠮ ᠪᠣᠯᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠵᠦ᠂ ᠪᠦᠬᠦ ᠬᠤᠲᠠ ᠶᠢᠨ ᠵᠢᠭᠤᠯᠴᠢᠯᠠᠯ ᠤᠨ ᠠᠵᠢᠯ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃    ᠲᠣᠭᠤᠷᠢᠨ ᠰᠡᠷᠭᠡᠶᠢᠯᠡᠬᠦ ᠲᠤᠤᠷ ᠰᠦᠯᠵᠢᠶ᠎ᠡ ᠶᠢ ᠨᠢᠭᠲᠠ ᠲᠠᠷᠬᠠᠭᠠᠵᠤ᠂ ᠪᠠᠴᠢᠮ ᠪᠠᠶᠢᠳᠠᠯ ᠢ ᠠᠷᠭᠠᠴᠠᠬᠤ ᠶᠢ ᠲᠦᠷᠭᠡᠳᠬᠡᠪᠡ᠃ ᠰᠠᠯᠪᠤᠷᠢ ᠠᠩᠭᠢ ᠨᠢ ᠵᠣᠨ ᠤ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠭᠰᠠᠳ ᠢᠯᠡᠳᠲᠡ ᠨᠡᠮᠡᠭᠳᠡᠭᠰᠡᠨ᠂ ᠭᠠᠯ ᠤᠨ ᠠᠶᠤᠯ ᠤᠨ ᠠᠮᠤᠷ ᠲᠦᠪᠰᠢᠨ ᠤ ᠳᠠᠯᠳᠠ ᠬᠡᠮ ᠨᠡᠮᠡᠭᠳᠡᠭᠰᠡᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠲᠣᠭᠲᠠᠮᠠᠯ ᠵᠢᠵᠢᠭᠦᠷᠯᠡᠨ ᠰᠠᠬᠢᠬᠤ + ᠵᠡᠭᠡᠯᠢ ᠪᠠᠷ ᠲᠣᠭᠤᠷᠢᠨ ᠴᠠᠭᠳᠠᠬᠤ︾ ᠰᠡᠷᠭᠡᠶᠢᠯᠡᠨ ᠡᠵᠡᠮᠳᠡᠬᠦ ᠵᠠᠭᠪᠤᠷ ᠢ ᠢᠳᠡᠪᠬᠢᠲᠡᠶ ᠪᠠᠶᠢᠭᠤᠯᠵᠤ᠂ 24 ᠴᠠᠭ ᠤᠨ ᠲᠣᠭᠤᠷᠢᠨ ᠪᠠᠶᠢᠴᠠᠭᠠᠬᠤ᠂ ᠤᠬᠠᠭᠤᠯᠤᠨ ᠰᠠᠨᠠᠭᠤᠯᠬᠤ᠂ ᠴᠡᠭ ᠲᠣᠭᠲᠠᠭᠠᠨ ᠬᠠᠷᠠᠵᠤ ᠬᠠᠮᠠᠭᠠᠯᠠᠬᠤ ᠪᠠ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠦᠵᠡᠮᠵᠢ ᠶᠢᠨ ᠣᠷᠣᠨ ᠤ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠳᠤ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠵᠢᠭᠤᠯᠴᠢᠯᠠᠯ ᠤᠨ ᠤᠯᠠᠷᠢᠯ ᠤᠨ ᠡᠯ᠎ᠡ ᠵᠦᠢᠯ ᠤᠨ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠨ᠂ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠳᠤᠭᠤᠶᠢᠯᠠᠩ᠂ ᠲᠤᠬᠠᠶ ᠶᠢᠨ ᠲᠠᠯᠠᠪᠠᠶ ᠶᠢᠨ ᠡᠭᠦᠷᠭᠡ ᠭᠦᠢᠴᠡᠳᠭᠡᠬᠦ ᠳᠤᠭᠤᠶᠢᠯᠠᠩ᠂ ᠭᠠᠯ ᠤᠨᠲᠠᠷᠠᠭᠠᠬᠤ ᠤᠬᠠᠭᠤᠯᠭ᠎ᠠ ᠶᠢᠨ ᠳᠤᠭᠤᠶᠢᠯᠠᠩ ᠢ ᠪᠠᠶᠢᠭᠤᠯᠵᠤ᠂ ︽ᠪᠠᠶᠢᠴᠠᠭᠠᠬᠤ + ᠡᠭᠦᠷᠭᠡ ᠭᠦᠢᠴᠡᠳᠭᠡᠬᠦ + ᠤᠬᠠᠭᠤᠯᠭ᠎ᠠ︾ ᠶᠢᠨ ᠭᠤᠷᠪᠠ ᠶᠢ ᠨᠢᠭᠡᠳᠦᠭᠦᠯᠦᠭᠰᠡᠨ  ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ︽ᠡᠷᠲᠡ ᠤᠨᠲᠠᠷᠠᠭᠠᠬᠤ᠂ ᠪᠠᠭ᠎ᠠ ᠶᠢ ᠤᠨᠲᠠᠷᠠᠭᠠᠬᠤ᠂ ᠠᠩᠬᠠᠨ ᠤ ᠦᠶ᠎ᠡ︾ ᠶᠢᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠬᠠᠷᠠᠯᠲᠠ ᠳᠤ ᠬᠦᠷᠴᠦ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ᠂ ᠬᠥᠮᠦᠨ ᠤ ᠤᠷᠤᠰᠬᠠᠯ ᠨᠢᠭᠲᠠᠷᠠᠭᠰᠠᠨ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃    ᠤᠬᠠᠭᠤᠯᠤᠨ ᠬᠥᠮᠦᠵᠢᠭᠦᠯᠬᠦ ᠠᠷᠭ᠎ᠠ ᠵᠠᠮ ᠢ ᠥᠷᠭᠡᠳᠬᠡᠵᠦ᠂ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠭᠦᠨᠵᠡᠭᠡᠶᠢᠷᠡᠭᠦᠯᠦᠨ᠎ᠡ᠃ ᠰᠠᠯᠪᠤᠷᠢ ᠠᠩᠭᠢ ᠠᠴᠠ ᠵᠢᠭᠤᠯᠴᠢᠯᠠᠯ ᠤᠨ ᠠᠵᠢᠯ ᠲᠥᠷᠥᠯ ᠤᠨ ᠨᠢᠭᠡᠴᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭᠠᠲᠠᠨ᠂ ᠬᠠᠮᠢᠶᠠᠷᠤᠯᠲᠠ ᠶᠢᠨ ᠠᠵᠢᠯᠲᠠᠨ᠂ ᠵᠢᠭᠤᠯᠴᠢᠯᠠᠯ ᠤᠨ ᠬᠥᠲᠥᠴᠢ ᠵᠡᠷᠭᠡ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠥᠮᠦᠰ ᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠪᠣᠯᠪᠠᠰᠤᠷᠠᠭᠤᠯᠤᠯ ᠢ ᠥᠷᠨᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ᠂ ᠭᠠᠯ ᠤᠨᠲᠠᠷᠠᠭᠠᠬᠤ ᠶᠡᠷᠦ ᠶᠢᠨ ᠮᠡᠳᠡᠯᠭᠡ ᠶᠢ ᠲᠠᠶᠢᠯᠪᠤᠷᠢᠯᠠᠨ᠎ᠠ᠃ ᠡᠭᠦᠨ ᠤ ᠬᠠᠮᠲᠤ᠂ ᠵᠢᠭᠤᠯᠴᠢᠯᠠᠯ ᠳᠤ ᠬᠤᠯᠪᠣᠭᠳᠠᠬᠤ ᠲᠠᠯᠠᠪᠤᠷ ᠭᠠᠵᠠᠷ ᠢ ᠳᠠᠶᠢᠴᠢᠯᠠᠨ ᠲᠣᠮᠣ ᠳᠡᠯᠭᠡᠴᠡ ᠪᠠᠷ ᠵᠢᠭᠤᠯᠴᠢᠯᠠᠯ ᠤᠨ ᠠᠵᠢᠯ ᠲᠥᠷᠥᠯ ᠤᠨ ᠭᠠᠯ ᠤᠨ ᠭᠠᠮᠰᠢᠭ ᠤᠨ ᠰᠡᠷᠡᠮᠵᠢ ᠶᠢᠨ ᠹᠢᠯᠢᠮ ᠢ ᠨᠡᠪᠲᠡᠷᠡᠭᠦᠯᠵᠦ᠂ ᠦᠵᠡᠮᠵᠢ ᠶᠢᠨ ᠣᠷᠣᠨ ᠤ ᠵᠢᠭᠠᠯᠲᠠ ᠵᠠᠮ ᠤᠨ ᠫᠠᠶᠢᠰᠠ᠂ ᠪᠢᠯᠧᠲ ᠬᠤᠳᠠᠯᠳᠤᠬᠤ ᠴᠣᠩᠬᠤ᠂ ᠬᠦᠷᠢᠶ᠎ᠡ ᠵᠡᠷᠭᠡ ᠲᠣᠭᠲᠠᠮᠠᠯ ᠪᠡᠯᠡᠳᠬᠡᠮᠵᠢ ᠶᠢ ᠠᠰᠢᠭᠯᠠᠨ ᠭᠠᠯ ᠤᠨᠲᠠᠷᠠᠭᠠᠬᠤ ᠤᠬᠠᠭᠤᠯᠭ᠎ᠠ ᠶᠢᠨ ᠤᠷᠢᠶ᠎ᠠ ᠯᠣᠽᠦ᠋ᠩ ᠪᠠ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠬᠠᠭᠤᠳᠠᠰᠤ ᠶᠢ ᠡᠯᠭᠦᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠪᠲᠡᠷᠡᠭᠦᠯᠬᠦ ᠰᠢᠰᠲ᠋ᠧᠮ᠂ ᠳᠡᠯᠭᠡᠴᠡ ᠵᠡᠷᠭᠡ ᠵᠠᠭᠤᠴᠢᠯᠠᠭᠤᠷ ᠢ ᠠᠰᠢᠭᠯᠠᠨ ᠣᠯᠠᠨ ᠤᠳᠠᠭ᠎ᠠ᠂ ᠥᠨᠳᠥᠷ ᠨᠢᠭᠲᠠᠴᠠ ᠪᠠᠷ ᠭᠠᠯ ᠤᠨᠲᠠᠷᠠᠭᠠᠬᠤ ᠤᠬᠠᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠪᠠ ᠭᠠᠯ ᠤᠨᠲᠠᠷᠠᠭᠠᠬᠤ ᠠᠮᠤᠷ ᠲᠦᠪᠰᠢᠨ ᠤ ᠰᠠᠨᠠᠭᠤᠯᠤᠮᠵᠢ ᠶᠢ ᠨᠡᠪᠲᠡᠷᠡᠭᠦᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠭᠠᠯ ᠤᠨ ᠭᠠᠮᠰᠢᠭ ᠢ ᠰᠡᠷᠭᠡᠶᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号