ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶ᠎ᠠ ᠣᠳᠣᠬᠠᠨ ᠤ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/8/19
    8 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶᠠᠨ ᠤ ᠱᠦᠵᠢ ᠭᠤᠤ ᠷᠦᠨ ᠰᠢ ᠣᠳᠣᠬᠠᠨ ᠤ ᠠᠶᠤᠯᠭᠦᠶ  ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ᠂ ᠣᠶ ᠰᠢᠭᠤᠶ ᠨᠤᠲᠤᠭ ᠪᠡᠯᠴᠢᠭᠡᠷ ᠤᠨ  ᠲᠤᠶᠢᠮᠠᠷ ᠢ ᠰᠡᠷᠭᠡᠶᠢᠯᠡᠨ ᠤᠨᠲᠠᠷᠠᠭᠠᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠢᠨᠠᠨ ᠰᠢᠯᠭᠠᠯᠲᠠ ᠪᠠ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃    ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢᠨ ᠲᠣᠭᠤᠷᠢᠨ ᠳᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠦᠷᠢᠶᠡᠨ ᠤ ᠥᠭᠡᠷᠡᠴᠢᠯᠡᠯᠲᠡ ᠶᠢᠨ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠶ ᠰᠤᠷᠤᠯᠴᠠᠬᠤ ᠲᠥᠯᠥᠪᠯᠡᠭᠡ ᠲᠣᠭᠲᠠᠭᠠᠵᠤ᠂ ᠰᠤᠷᠤᠯᠴᠠᠵᠤ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠬᠦᠴᠦᠯᠡᠬᠦ ᠴᠡᠭ ᠪᠣᠯᠤᠨ ᠰᠢᠪᠲᠤᠯᠤᠯᠲᠠ ᠶᠢᠨ ᠴᠡᠭ ᠢ ᠣᠨᠣᠪᠴᠢᠲᠠᠶ ᠣᠯᠵᠤ᠂ ᠪᠣᠳᠠᠲᠠᠶ ᠠᠷᠭ᠎ᠠ ᠬᠡᠮᠵᠢᠶ᠎ᠡ ᠶᠢ ᠭᠦᠨᠵᠡᠭᠡᠶ ᠰᠦᠪᠡᠭᠴᠢᠯᠡᠨ ᠪᠣᠳᠠᠲᠠᠶ ᠠᠷᠭ᠎ᠠ ᠬᠡᠮᠵᠢᠶ᠎ᠡ ᠰᠦᠪᠡᠭᠴᠢᠯᠡᠵᠦ᠂ ᠥᠭᠡᠷᠡᠴᠢᠯᠡᠯᠲᠡ ᠶᠢᠨ ᠡᠭᠦᠷᠭᠡ ᠶᠢᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃    ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠬᠤ ᠬᠡᠷᠡᠭᠲᠡᠢ᠂ ᠭᠤᠷᠪᠠᠳᠤᠭᠠᠷ ᠤᠯᠠᠷᠢᠯ ᠳᠤ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠤᠨ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠢᠨᠠᠨ ᠰᠢᠯᠭᠠᠬᠤ ᠠᠵᠢᠯ ᠤᠨ ᠲᠣᠭᠲᠠᠴᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠬᠦ ᠬᠡᠷᠡᠭᠲᠡᠶ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠲᠣᠭᠤᠷᠢᠨ ᠪᠠᠶᠢᠴᠠᠭᠠᠯᠲᠠ ᠬᠢᠬᠦ ᠬᠡᠷᠡᠭᠲᠡᠶ᠂ ᠪᠠᠶᠢᠴᠠᠭᠠᠬᠤ᠂ ᠰᠢᠮᠳᠠᠭᠤᠯᠤᠨ ᠪᠠᠶᠢᠴᠠᠭᠠᠬᠤ ᠶᠢ ᠨᠢᠭᠡ ᠴᠣᠭᠴᠠᠵᠢᠭᠤᠯᠤᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ᠂ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠴᠢᠩᠭ᠎ᠠ ᠬᠦᠰᠡᠯ ᠡᠷᠡᠮᠡᠯᠵᠡᠯ ᠪᠠ ᠴᠢᠳᠠᠪᠤᠷᠢ ᠶᠢᠨ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠲᠤᠰᠬᠠᠶ ᠴᠡᠭᠴᠡᠯᠡᠨ ᠵᠠᠰᠠᠯᠲᠠ ᠶᠢ ᠦᠷᠭᠦᠯᠵᠢᠯᠡᠨ ᠴᠢᠩᠭᠠᠳᠬᠠᠨ᠎ᠠ᠂ ᠠᠶᠤᠯ ᠶᠡᠬᠡᠲᠡᠶ ᠠᠵᠢᠯ ᠲᠥᠷᠥᠯ ᠳᠤ ᠠᠮᠤᠷ ᠲᠦᠪᠰᠢᠨ ᠢᠶᠠᠷ ᠵᠥᠪᠰᠢᠶᠡᠷᠡᠨ ᠣᠷᠣᠭᠤᠯᠬᠤ ᠳᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠎ᠠ᠂ ᠠᠶᠤᠯ ᠶᠡᠬᠡᠲᠡᠢ ᠠᠵᠢᠯ ᠲᠦᠷᠦᠯ ᠤᠨ ᠬᠦᠷᠢᠶᠡᠨ ᠳᠠᠬᠢ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢ ᠲᠦᠯᠬᠢᠨ ᠠᠬᠢᠭᠤᠯᠤᠨ᠎ᠠ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠂ ᠡᠯ᠎ᠡ ᠲᠥᠷᠥᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃    ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠨᠠᠩ ᠴᠢᠬᠤᠯᠠ ᠪᠠᠶᠢᠷᠢᠨ ᠳᠤ ᠲᠠᠯᠪᠢᠵᠤ ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠢ ᠵᠢᠯᠣᠭᠤᠳᠤᠨ ᠱᠠᠯᠠᠪᠳᠠᠭᠤᠯᠵᠤ ᠪᠠᠶᠢᠭᠠᠳ ᠭᠤᠤᠯ ᠤᠨ ᠵᠠᠮ᠂ ᠬᠠᠰᠢᠯᠭ᠎ᠠ᠂ ᠤᠰᠤᠨ ᠴᠥᠭᠦᠷᠥᠮ᠂ ᠵᠠᠮ᠂ ᠲᠥᠬᠦᠭᠡᠷᠦᠮᠵᠢ ᠵᠡᠷᠭᠡ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠲᠣᠭᠯᠠᠬᠤ᠂ ᠪᠡᠯᠡᠳᠬᠡᠯ ᠲᠥᠰᠦᠯ ︽ᠳᠥᠷᠪᠡᠨ ᠪᠡᠯᠡᠳᠬᠡᠯ︾ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ 24 ᠴᠠᠭ ᠤᠨ ᠦᠶᠡᠷ ᠢ ᠰᠡᠷᠭᠡᠶᠢᠯᠡᠬᠦ ᠵᠢᠵᠢᠭᠦᠷ ᠤᠨ ᠲᠦᠷᠢᠮ ᠪᠣᠯᠤᠨ ᠦᠶᠡᠷ ᠤᠨ ᠬᠤᠭᠤᠴᠠᠭᠠᠨ ᠤ ᠪᠠᠷᠢᠯᠭ᠎ᠠ ᠶᠢ ᠲᠣᠭᠤᠷᠢᠨ ᠪᠠᠶᠢᠴᠠᠭᠠᠵᠤ ᠰᠡᠷᠭᠡᠶᠢᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠰᠠᠨᠠᠭᠠᠴᠢᠯᠠᠭᠠᠲᠤ ᠳᠠᠶᠢᠯᠠᠯᠳᠤᠭᠠᠨ ᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠤᠯᠠᠭᠠᠨᠬᠠᠳᠠ ᠬᠤᠲᠠ ᠶᠢᠨ ᠯᠤᠤᠬ᠎ᠠ ᠶᠢᠨ ᠭᠤᠤᠯ ᠤᠨ ᠰᠡᠲᠡᠷᠬᠡᠶ ᠶᠢᠨ ᠬᠤᠶᠢᠲᠤᠬᠢ ᠶᠠᠪᠤᠳᠠᠯ ᠢ ᠰᠠᠶᠢᠲᠤᠷ ᠬᠢᠬᠦ ᠵᠢᠴᠢ ᠪᠠᠬᠢᠯᠡᠵᠦ ᠠᠶᠤᠯ ᠢ ᠠᠷᠢᠯᠭᠠᠬᠤ ᠵᠡᠷᠭᠡ ᠵᠠᠯᠭᠠᠮᠵᠢ ᠶᠠᠪᠤᠳᠠᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠭᠦᠰᠦᠮᠡᠯ ᠭᠠᠮᠰᠢᠭ ᠡᠭᠦᠰᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃    ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ᠣᠶ ᠰᠢᠭᠤᠶ ᠶᠢᠨ  ᠲᠤᠶᠢᠮᠠᠷ ᠢ ᠰᠡᠷᠭᠡᠶᠢᠯᠡᠬᠦ ᠵᠢᠯᠣᠭᠤᠳᠬᠤ ᠠᠯᠪᠠᠨ ᠬᠡᠷ ᠤᠨ ᠨᠢᠭᠡᠳᠦᠯᠲᠡᠶ ᠲᠥᠯᠥᠪᠵᠢᠭᠦᠯᠦᠨ ᠶᠡᠷᠦᠩᠬᠡᠶᠢᠯᠡᠨ ᠠᠳᠬᠤᠬᠤ  ᠦᠢᠯᠡᠳᠦᠯ ᠢ ᠭᠦᠢᠴᠡᠳ ᠪᠠᠳᠠᠷᠠᠭᠤᠯᠵᠤ᠂  ᠲᠦᠢᠮᠡᠷ ᠢ ᠰᠡᠷᠭᠡᠶᠢᠯᠡᠨ ᠤᠨᠲᠠᠷᠠᠭᠠᠬᠤ ᠶᠢ ᠱᠠᠯᠠᠪᠳᠠᠭᠤᠯᠤᠨ ᠵᠢᠯᠣᠭᠤᠳᠬᠤ ᠪᠠᠶᠢᠴᠠᠭᠠᠯᠲᠠ ᠶᠢ ᠪᠠᠶᠢᠩᠭᠤ ᠥᠷᠨᠢᠭᠦᠯᠵᠦ ᠂ ᠰᠢᠭᠤᠶᠢᠲᠤ ᠣᠷᠣᠨ ᠤ ᠮᠠᠯᠵᠢᠬᠤ ᠣᠷᠣᠨ ᠤ ᠪᠠᠷᠢᠯᠭ᠎ᠠ ᠶᠢᠨ ᠠᠵᠢᠯ᠂  ᠦᠢᠯᠡᠳᠪᠦᠷᠢᠯᠡᠯ ᠲᠡᠭᠡᠭᠡᠪᠦᠷᠢ᠂ ᠨᠠᠮᠤᠷ ᠲᠡᠭᠦᠵᠦ ᠵᠤᠭᠠᠴᠠᠨ ᠨᠠᠭᠠᠳᠬᠤ ᠵᠡᠷᠭᠡ ᠬᠥᠮᠦᠰ ᠤᠨ ᠬᠢᠨᠠᠯᠲᠠ ᠬᠠᠮᠢᠶᠠᠷᠤᠯᠲᠠ ᠶᠢ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠲᠤᠶᠢᠮᠠᠷ ᠤᠨ ᠭᠠᠮᠰᠢᠭ ᠤᠨ ᠬᠦᠨᠳᠦ ᠶᠡᠭᠡ ᠬᠡᠮ ᠰᠣᠭᠤᠭ ᠢ ᠬᠥᠳᠡᠯᠦᠩᠭᠦᠶ ᠪᠠᠷ ᠠᠷᠢᠯᠭᠠᠬᠤ ᠪᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠵᠣᠷᠢᠭᠤᠳᠠ ᠶᠢᠨ ᠭᠠᠯ ᠲᠤᠶᠢᠮᠠᠷ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠴᠠᠭ ᠠᠭᠤᠷ ᠤᠨ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠶᠢ ᠴᠠᠭ ᠲᠤᠬᠠᠶ ᠳᠤᠨᠢ ᠨᠡᠶᠢᠲᠡᠯᠡᠵᠦ᠂ ᠵᠢᠯᠣᠭᠤᠳᠣᠯᠭ᠎ᠠ᠂ ᠬᠦᠴᠦᠨ᠂ ᠲᠣᠨᠤᠭ ᠲᠥᠬᠦᠭᠡᠷᠦᠮᠵᠢ ᠶᠢᠨ ︽ᠭᠤᠷᠪᠠ ᠳᠤ ᠲᠦᠷᠦᠭᠦᠯᠡᠬᠦ︾ ᠶᠢ ᠪᠡᠶᠡᠯᠡᠭᠦᠯᠵᠦ᠂ ᠭᠠᠯ ᠤᠨ ᠪᠠᠶᠢᠳᠠᠯ ᠢ ᠡᠷᠲᠡ ᠣᠯᠵᠤ ᠮᠡᠳᠡᠬᠦ᠂ ᠡᠷᠲᠡ ᠰᠢᠢᠳᠪᠦᠷᠢᠯᠡᠬᠦ᠂ ᠡᠷᠲᠡ ᠤᠨᠲᠠᠷᠠᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃    ︽ᠶᠡᠭᠡ ᠪᠠᠷ ᠤᠬᠠᠭᠤᠯᠬᠤ︾ ᠠᠵᠢᠯ ᠤᠨ ᠣᠶᠢᠯᠠᠭᠠᠭᠳᠠᠬᠤᠨ ᠢ ᠪᠣᠶ ᠪᠣᠯᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ ᠵᠥᠪ ᠤᠯᠤᠰ ᠲᠥᠷᠥ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠥᠷᠲᠡᠭ ᠤᠨ ᠬᠠᠨᠳᠤᠰᠢ ᠶᠢ ᠪᠠᠲᠤ ᠡᠵᠡᠮᠳᠡᠵᠦ᠂ ᠦᠵᠡᠯ ᠰᠠᠨᠠᠭᠠᠨ ᠤ ᠣᠨᠣᠯᠵᠢᠬᠤᠨ ᠢᠶᠠᠨ ᠤᠯᠠᠮ ᠴᠢᠨᠠᠭᠰᠢᠳᠠ ᠬᠤᠪᠢᠷᠠᠭᠤᠯᠵᠤ᠂ ᠠᠷᠭ᠎ᠠ ᠪᠠᠷᠢᠯ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠣᠨᠢᠨ ᠮᠡᠳᠡᠭᠡ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠠᠮᠤᠷ ᠲᠦᠪᠰᠢᠨ ᠤ ᠤᠬᠠᠭᠤᠯᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠥᠷᠨᠢᠭᠦᠯᠵᠦ᠂ ᠦᠨᠳᠦᠰᠦ ᠶᠢ ᠪᠠᠬᠢᠵᠢᠭᠦᠯᠦᠨ ᠰᠠᠭᠤᠷᠢ ᠶᠢ ᠴᠢᠩᠭᠠᠳᠬᠠᠵᠤ ᠪᠥᠬᠦ ᠠᠷᠠᠳ ᠤᠨ ᠠᠮᠤᠷ ᠲᠦᠪᠰᠢᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠶ᠃    ᠦᠵᠡᠯᠲᠡ ᠪᠠᠨ ᠬᠤᠪᠢᠷᠠᠭᠤᠯᠬᠤ ᠬᠡᠷᠡᠭᠲᠡᠶ᠂ ᠴᠢᠩᠭ᠎ᠠ ᠰᠤᠷᠲᠠᠯ᠂ ᠴᠢᠩᠭ᠎ᠠ ᠬᠠᠮᠢᠶᠠᠷᠬᠤ᠂ ᠳᠠᠬᠢᠨ ᠨᠠᠶᠢᠳᠠᠪᠤᠷᠢᠵᠢᠭᠤᠯᠬᠤ᠂ ᠦᠢᠯᠡᠳᠦᠯ ᠭᠠᠷᠭᠠᠬᠤ᠂ ᠳᠦᠷᠢ ᠲᠥᠷᠬᠦ ᠶᠢ ᠱᠤᠭᠤᠬᠤ ᠳᠡᠭᠡᠷ᠎ᠡ ᠬᠦᠴᠦ ᠲᠠᠯᠪᠢᠬᠤ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠦᠨᠡᠨ ᠬᠦ ᠬᠤᠪᠢᠷᠠᠭᠤᠯᠤᠨ᠎ᠠ᠂ ᠪᠠᠶᠢᠭᠤᠯᠭ᠎ᠠ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠎ᠠ᠂ ᠪᠠᠶᠢᠯᠳᠤᠭᠠᠨ ᠤ ᠪᠠᠬᠢᠯᠡᠯᠲᠡ ᠶᠢ ᠬᠦᠴᠦᠷᠬᠡᠭ ᠪᠠᠶᠢᠭᠤᠯᠬᠤ᠂ ᠪᠠᠶᠢᠭᠤᠯᠭ᠎ᠠ ᠶᠢᠨ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠨ᠎ᠠ᠂ ᠴᠢᠷᠮᠠᠶᠢᠨ ᠰᠤᠷᠤᠯᠴᠠᠵᠤ ᠰᠠᠶᠢᠲᠤᠷ ᠰᠡᠳᠬᠢᠬᠦ ᠶᠢ ᠠᠬᠢᠭᠤᠯᠬᠤ ᠬᠡᠷᠡᠭᠲᠡᠶ᠂ ᠠᠳᠠᠯᠢᠳᠬᠠᠬᠤ ᠰᠤᠷᠬᠤ ᠬᠥᠭᠡᠭᠡᠵᠦ ᠳᠠᠪᠠᠭ᠋ᠤ  ᠰᠠᠶᠢᠨ ᠰᠠᠶᠢᠬᠠᠨ ᠰᠤᠷᠤᠯᠴᠠᠬᠤ ᠰᠤᠷᠲᠠᠯ᠂ ᠵᠢᠩᠬᠢᠨᠢ ᠠᠵᠢᠯ ᠤᠨ ᠪᠠᠶᠢᠷᠢ ᠶᠢ ᠪᠣᠯᠪᠠᠰᠤᠷᠠᠯ ᠤᠨ ᠲᠠᠯᠠᠪᠤᠷ ᠪᠣᠯᠭᠠᠨ᠎ᠠ᠂ ᠬᠡᠯᠡᠵᠦ ᠬᠢᠬᠦ ᠶᠢ ᠢᠳᠡᠪᠬᠢᠲᠡᠶ ᠰᠠᠨᠠᠭᠠᠴᠢᠯᠠᠬᠤ᠂ ᠲᠦᠷᠭᠡᠨ ᠰᠢᠢᠳᠪᠦᠷᠢᠯᠡᠵᠦ ᠲᠦᠷᠭᠡᠨ ᠶᠠᠪᠤᠭᠤᠯᠬᠤ᠂ ᠪᠤᠰᠢᠭᠤ ᠱᠠᠯᠠᠮᠠᠭᠠᠶ ᠠᠵᠢᠯ ᠤᠨ ᠰᠤᠷᠲᠠᠯ᠂ ᠶᠡᠭᠡ ᠲᠠᠯ᠎ᠠ ᠳᠤ  ᠦᠢᠯᠡᠴᠢᠯᠡᠬᠦ ᠪᠠᠷ ᠬᠦᠴᠦᠯᠡᠨ᠎ᠡ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠲᠠᠯ᠎ᠠ ᠪᠠᠷ ᠡᠮᠦᠨ᠎ᠡ ᠨᠢ ᠶᠠᠪᠤᠬᠤ ᠬᠡᠷᠡᠭᠲᠡᠶ᠂ ᠦᠯᠢᠭᠡᠷ ᠳᠠᠭᠤᠷᠢᠶᠠᠯ ᠪᠣᠯᠬᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ᠂ ᠰᠢᠨ᠎ᠡ ᠵᠠᠮ ᠨᠡᠭᠡᠭᠡᠵᠦ ᠳᠤᠮᠳᠠ ᠤᠷᠤᠰᠬᠠᠯ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠦᠴᠦᠨ ᠢ ᠨᠡᠮᠡᠷᠢᠯᠡᠬᠦ ᠬᠡᠷᠡᠭᠲᠡᠶ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号