ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠬᠤᠯᠪᠣᠭᠳᠠᠯ ᠪᠦᠬᠦᠢ ᠠᠵᠤ ᠠᠬᠤᠢ ᠶᠢᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/8/19
ᠰᠦᠨ ᠱᠤᠤ ᠴᠧᠩ ᠬᠤᠷᠠᠯ ᠢ ᠡᠷᠬᠢᠯᠡᠪᠡ    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ  ᠬᠢᠨ 8 ᠳ᠋ᠤᠭᠠᠷ ᠰᠠᠷ᠎ᠠ ᠶᠢᠨ 18 ᠤ ᠡᠳᠦᠷ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ ᠬᠠᠮᠢᠶ᠎ᠠ ᠪᠦᠬᠦᠢ ᠠᠵᠤ ᠠᠬᠤᠢ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃    ᠬᠤᠷᠠᠯ ᠲᠡᠬᠡᠷ᠎ᠡ᠄ ︽ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠦᠨᠡᠨ ᠠᠴᠠ ᠵᠥᠪ ᠢ ᠡᠷᠢᠵᠦ ᠬᠥᠭᠵᠢᠭᠦᠯᠬᠦ ᠪᠠᠷ ᠴᠢᠷᠮᠠᠶᠢᠵᠤ᠂ ᠬᠦᠭᠵᠢᠬᠦᠯᠤᠯᠳᠡ ᠶᠢ ᠠᠳᠬᠤᠨ ᠠᠵᠤ ᠠᠬᠤᠢ ᠶᠢᠨ ᠠᠵᠢᠯ ᠢ ᠯᠠᠪᠳᠠᠭᠤᠨ ᠰᠠᠶᠢᠲᠤᠷ ᠬᠢᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠵᠤ᠂ ᠥᠷᠭᠡᠳᠬᠡᠬᠦ ᠪᠠᠷ ᠦᠷᠭᠦᠯᠵᠢᠯᠡᠨ ᠴᠢᠷᠮᠠᠶᠢᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠭ᠎ᠠ ᠪᠦᠬᠦᠨ ᠢ ᠰᠦᠪᠡᠭᠴᠢᠯᠡᠨ ᠠᠷᠢᠯᠭᠠᠵᠤ᠂ ᠡᠯ᠎ᠡ ᠱᠠᠲᠤᠨ ᠤ ᠥᠷᠢ ᠥᠭᠴᠡᠭᠡ ᠶᠢ ᠠᠷᠢᠯᠭᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︿ᠠᠷᠪᠢᠯᠠᠨ ᠭᠠᠮᠨᠠᠬᠤ﹀ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ᠂ ᠶᠡᠷᠦᠩᠬᠡᠶᠢᠯᠡᠭᠰᠡᠨ ᠡᠳ᠋ ᠤᠨ ᠬᠦᠴᠦᠨ ᠢ ᠤᠯᠠᠨ ᠠᠷᠭ᠎ᠠ ᠪᠠᠷ ᠪᠤᠵᠠᠭᠠᠶᠢᠷᠠᠭᠤᠯᠵᠤ᠂ ᠰᠢᠨ᠎ᠡ ᠥᠷᠢ ᠥᠭᠴᠡᠭᠡ ᠶᠢ ᠡᠷᠡᠰ ᠬᠤᠷᠢᠭᠯᠠᠨ᠂ ᠪᠡᠯᠡ ᠲᠣᠬᠢᠷᠠᠭᠤᠯᠭ᠎ᠠ ᠶᠢᠨ ᠲᠠᠪᠴᠠᠩ ᠤᠨ ᠥᠷᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠰᠡᠷᠬᠡᠶᠢᠯᠡᠬᠦ ᠬᠡᠷᠡᠭᠳᠡᠢ᠃ ᠳᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠱᠠᠩᠨᠠᠵᠤ ᠲᠣᠷᠭᠠᠬᠤ ᠶᠢ ᠲᠣᠳᠣᠷᠬᠠᠢ ᠪᠠᠶᠢᠯᠭᠠᠬᠤ ᠶᠢ ᠪᠠᠷᠢᠮᠲᠠᠯᠠᠵᠤ᠂ ︿ᠭᠤᠷᠪᠠ ᠶᠢ ᠪᠠᠲᠤᠯᠠᠬᠤ﹀ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠳᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︾ ᠬᠡᠵᠡᠢ᠃    ᠬᠤᠷᠠᠯ ᠲᠡᠬᠡᠷ᠎ᠡ᠄ ︽︿ᠦᠨᠡᠨ﹀ ᠰᠡᠳᠬᠦᠯ ᠲᠡᠬᠡᠷ᠎ᠡ ᠨᠡᠶᠢᠲᠡᠯᠡᠭᠰᠡᠨ ᠰᠢ ᠶᠢᠨ ᠫᠢᠩ ᠶᠡᠷᠦᠩᠬᠡᠢ ᠱᠦᠵᠢ ᠶᠢᠨ ︿ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ ᠤᠨ ᠲᠤᠬᠠᠢ ᠲᠣᠳᠣᠷᠬᠠᠶᠢᠯᠠᠯᠲᠠ﹀ ᠶᠢ ᠤᠯᠠᠮᠵᠢᠯᠠᠨ ᠰᠤᠷᠤᠯᠴᠠᠵᠤ᠂ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ︿ᠲᠣᠭᠲᠠᠭᠠᠯ﹀ ᠳᠤ ᠲᠣᠭᠲᠠᠭᠠᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠠᠯᠳᠠᠭ᠎ᠠ ᠪᠤᠷᠤᠭᠤ ᠶᠢ ᠵᠠᠯᠠᠷᠠᠭᠤᠯᠬᠤ᠂ ᠲᠣᠭᠲᠠᠴᠠ ᠶᠢ ᠰᠠᠶᠢᠵᠢᠷᠠᠭᠤᠯᠬᠤ᠂ ᠪᠠᠶᠢᠷᠢᠰᠢᠯ ᠢ ᠰᠠᠶᠢᠵᠢᠷᠠᠭᠤᠯᠬᠤ᠂ ᠰᠤᠷᠲᠠᠯ ᠢ ᠰᠠᠶᠢᠵᠢᠷᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠬᠤᠷᠢᠭ᠎ᠠ ᠴᠡᠭ ᠢ ᠬᠦᠴᠦᠯᠡᠨ ᠰᠢᠢᠳᠪᠦᠷᠢᠯᠡᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠨ ᠠᠵᠤ ᠠᠬᠤᠢ ᠶᠢᠨ ᠬᠦᠭᠵᠢᠬᠦᠯᠤᠯᠳᠡ᠂ ᠨᠡᠶᠢᠭᠡᠮ ᠤᠨ ᠵᠠᠰᠠᠯᠲᠠ᠂ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ ᠶᠠᠰᠤ ᠴᠢᠨᠠᠷ ᠦᠷ᠎ᠡ ᠠᠰᠢᠭ ᠢᠶᠠᠷ ᠬᠦᠭᠵᠢᠬᠦᠯᠤᠯᠳᠡ ᠶᠢᠨ ᠦᠷ᠎ᠡ ᠪᠦᠲᠦᠮᠵᠢ ᠶᠢ ᠲᠡᠭᠡᠭᠰᠢᠯᠡᠬᠦᠯᠬᠦ ᠬᠡᠷᠡᠭᠳᠡᠢ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ  ᠠᠴᠠ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠨᠠᠷᠢᠯᠢᠭᠵᠢᠭᠤᠯᠤᠨ ᠵᠠᠳᠠᠯᠵᠤ᠂ ᠥᠭᠡᠷᠡᠴᠢᠯᠡᠯᠲᠡ ᠶᠢᠨ ᠠᠯᠢ ᠲᠦᠷᠭᠡᠨ ᠢᠶᠠᠷ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠳᠡᠢ︾ ᠭᠡᠵᠦ ᠴᠢᠬᠤᠯᠠᠴᠢᠯᠠᠪᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号