ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 1.6 ᠳ᠋ᠦᠩᠰᠢᠭᠤᠷ ᠲᠥᠭᠦᠷᠢᠭ ᠤᠨ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠡᠯᠡ ᠮᠥᠩᠭᠦ ᠪᠠᠭᠤᠯᠭᠠᠪᠠ
ᠨᠡᠶᠢᠲᠡᠯᠡᠭᠰᠡᠨ ᠴᠠᠭ᠄
2024/8/19
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠡ᠄ 7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠡᠨᠡ ᠵᠢᠯ 1.6 ᠳ᠋ᠦᠩᠰᠢᠭᠤᠷ ᠲᠥᠭᠦᠷᠢᠭ ᠤᠨ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠪᠡᠯᠡ ᠮᠥᠩᠭᠦ ᠪᠠᠭᠤᠯᠭᠠᠵᠤ᠂ 170 ᠰᠤᠮᠤ ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ᠂ 1500 ᠲᠣᠰᠬᠤᠨ ᠤ ᠲᠠᠰ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠠᠵᠢᠯ ᠢ ᠳᠡᠮᠵᠢᠬᠦ ᠳᠤ ᠬᠡᠷᠡᠭᠯᠡᠵᠦ᠂ 200 ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠠᠰᠠᠷᠠᠮᠵᠢ ᠶᠢᠨ ᠬᠦᠷᠢᠶᠡᠯᠡᠩ ᠤᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠠᠵᠢᠯ ᠢ ᠲᠡᠮᠵᠢᠪᠡ᠃    ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠨ᠂ ᠨᠠᠰᠤᠵᠢᠯ ᠤᠨ ᠦᠢᠯᠡᠴᠢᠯᠡᠭᠡᠨ ᠤ ᠴᠢᠨᠠᠷᠵᠢᠭᠤᠨ ᠰᠢᠰᠲ᠋ᠧᠮ ᠶᠢ ᠤᠯᠠᠮ ᠰᠠᠶᠢᠳᠤᠷ ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠶᠢᠨ ᠲᠦᠯᠤᠬᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵︽ᠠᠷᠭ᠎ᠠ︾ ᠭᠡᠵᠦ ᠲᠦᠬᠦᠮᠴᠢᠯᠡᠶ᠎ᠡ︶ ᠶᠢ ᠲᠣᠭᠲᠠᠭᠠᠪᠠ᠃ ︽ᠠᠷᠭ᠎ᠠ︾ ᠳᠤ ᠲᠣᠭᠲᠠᠭᠠᠭᠰᠠᠨ ᠬᠤᠰᠢᠭᠤ ᠰᠢᠶᠠᠨ ᠤ ᠱᠠᠲᠤᠨ ᠤ ᠰᠤᠮᠤ ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢᠨ ᠪᠠᠷᠢᠮᠵᠢᠶ᠎ᠠ ᠪᠣᠯ ᠄ ᠰᠢᠨ᠎ᠡ ᠪᠠᠷ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠤᠨ ᠪᠠᠷᠢᠯᠭ᠎ᠠ ᠶᠢᠨ ᠲᠠᠯᠠᠪᠠᠶ ᠨᠢ 1500 ᠲᠡᠭᠰᠢ ᠳᠥᠷᠪᠡᠯᠵᠢᠨ ᠮᠧᠲᠷ ︵ᠪᠠᠭᠲᠠᠨ᠎ᠠ︶ ᠠᠴᠠ ᠳᠡᠭᠡᠭᠰᠢ ᠪᠤᠯ ᠨᠢᠭᠡ ᠶᠢ ᠪᠠᠶᠢᠭᠤᠯᠵᠤ ᠳᠠᠭᠤᠰᠬᠠᠪᠠᠯ᠂ 300 ᠲᠦᠮᠡᠨ ᠲᠥᠭᠦᠷᠢᠭ ᠨᠥᠬᠦᠪᠦᠷᠢᠯᠡᠨ᠎ᠡ᠃ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠤᠨ ᠪᠠᠷᠢᠯᠭ᠎ᠠ ᠶᠢᠨ ᠲᠠᠯᠠᠪᠠᠶ ᠨᠢ 1500 ᠲᠡᠭᠰᠢ ᠳᠥᠷᠪᠡᠯᠵᠢᠨ ᠮᠧᠲᠷ ︵ᠪᠠᠭᠲᠠᠨ᠎ᠠ︶ ᠠᠴᠠ ᠳᠣᠣᠷ᠎ᠠ ᠦᠭᠡᠢ ᠪᠤᠯ ᠨᠢᠭᠡ ᠶᠢ ᠪᠠᠶᠢᠭᠤᠯᠵᠤ ᠳᠠᠭᠤᠰᠬᠠᠪᠠᠯ᠂ 150 ᠲᠦᠮᠡᠨ ᠲᠥᠭᠦᠷᠢᠭ ᠨᠥᠬᠦᠪᠦᠷᠢᠯᠡᠨ᠎ᠡ᠃ ︽ᠠᠷᠭ᠎ᠠ︾ ᠳᠤ ᠲᠣᠭᠲᠠᠭᠠᠭᠰᠠᠨ ᠰᠤᠮᠤ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢᠨ ᠪᠠᠷᠢᠮᠵᠢᠶ᠎ᠠ ᠪᠣᠯ᠄ 1000 ᠲᠡᠭᠰᠢ ᠳᠥᠷᠪᠡᠯᠵᠢᠨ ᠮᠧᠲᠷ ︵ᠪᠤᠶᠤ ᠬᠤᠳᠠᠯᠳᠤᠨ ᠠᠪᠬᠤ ᠶᠢ ᠪᠠᠭᠲᠠᠭᠠᠨ᠎ᠠ︶ ᠨᠠᠰᠤᠵᠢᠯ ᠤᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠬᠤ ︵ᠬᠤᠳᠠᠯᠳᠤᠨ ᠠᠪᠬᠤ ᠶᠢ ᠪᠠᠭᠲᠠᠭᠠᠨ᠎ᠠ︶ ᠨᠢᠭᠡ ᠶᠢ ᠪᠠᠶᠢᠭᠤᠯᠬᠤ ᠪᠤᠶᠤ ᠬᠤᠳᠠᠯᠳᠤᠨ ᠠᠪᠤᠪᠠᠯ 60 ᠲᠦᠮᠡᠨ ᠲᠥᠭᠦᠷᠢᠭ ᠨᠥᠬᠦᠪᠦᠷᠢᠯᠡᠨ᠎ᠡ᠃ 1000 ᠲᠡᠭᠰᠢ ᠳᠥᠷᠪᠡᠯᠵᠢᠨ ᠮᠧᠲᠷ ᠠᠴᠠ ᠳᠣᠷᠣᠭᠰᠢᠬᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠰᠢᠨ᠎ᠡ ᠪᠠᠷ ︵ᠪᠤᠶᠤ ᠬᠤᠳᠠᠯᠳᠤᠨ ᠠᠪᠬᠤ ᠶᠢ ᠪᠠᠭᠲᠠᠭᠠᠨ᠎ᠠ︶ ᠨᠢᠭᠡ ᠶᠢ ᠪᠠᠶᠢᠭᠤᠯᠬᠤ ᠪᠤᠶᠤ ᠬᠤᠳᠠᠯᠳᠤᠨ ᠠᠪᠤᠪᠠᠯ᠂ 40 ᠲᠦᠮᠡᠨ ᠲᠥᠭᠦᠷᠢᠭ ᠨᠥᠬᠦᠪᠦᠷᠢᠯᠡᠨ᠎ᠡ᠃ 1000 ᠲᠡᠭᠰᠢ ᠳᠥᠷᠪᠡᠯᠵᠢᠨ ᠮᠧᠲᠷ ᠪᠠ ᠡᠬᠦᠨ ᠠᠴᠠ ᠳᠡᠭᠡᠭᠰᠢᠬᠢ ᠲᠠᠯᠠᠪᠠᠢ ᠪᠦᠬᠦᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠨᠢᠭᠡ ᠶᠢ ᠥᠭᠡᠷᠡᠴᠢᠯᠡᠵᠦ ᠥᠷᠭᠡᠳᠬᠡᠨ ᠪᠠᠶᠢᠭᠤᠯᠪᠠᠯ 40 ᠲᠦᠮᠡᠨ ᠲᠥᠭᠦᠷᠢᠭ ᠨᠥᠬᠦᠪᠦᠷᠢᠯᠡᠨ᠎ᠡ᠃ 1000 ᠲᠡᠭᠰᠢ ᠳᠥᠷᠪᠡᠯᠵᠢᠨ  ᠮᠧᠲᠷ ᠠᠴᠠ ᠳᠣᠷᠣᠭᠰᠢᠬᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠨᠢᠭᠡ ᠶᠢ ᠥᠭᠡᠷᠡᠴᠢᠯᠡᠵᠦ ᠥᠷᠭᠡᠳᠬᠡᠨ ᠪᠠᠶᠢᠭᠤᠯᠪᠠᠯ᠂ 20 ᠲᠦᠮᠡᠨ ᠲᠥᠭᠦᠷᠢᠭ ᠨᠥᠬᠦᠪᠦᠷᠢᠯᠡᠨ᠎ᠡ᠃ ︽ᠠᠷᠭ᠎ᠠ︾ ᠳᠤ ᠪᠠᠰᠨ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠴᠢᠳᠠᠮᠵᠢ ᠶᠢ ᠥᠷᠭᠡᠳᠬᠡᠬᠦ ᠨᠥᠬᠦᠪᠦᠷᠢ ᠶᠢᠨ ᠪᠠᠷᠢᠮᠵᠢᠶ᠎ᠠ ᠶᠢ᠄ ᠠᠰᠠᠷᠠᠮᠵᠢ ᠶᠢᠨ ᠬᠦᠷᠢᠶᠡᠯᠡᠩ ᠤᠨ ᠴᠢᠳᠠᠮᠵᠢ ᠶᠢ ᠥᠷᠭᠡᠳᠬᠡᠬᠦ ᠪᠦᠷᠢ ᠳᠤ 5 ᠲᠦᠮᠡᠨ ᠲᠥᠭᠦᠷᠢᠭ ᠨᠥᠬᠦᠪᠦᠷᠢᠯᠡᠨ᠎ᠡ ᠭᠡᠵᠤ ᠲᠤᠬᠳᠠᠭᠠᠯ᠎ᠠ᠃    ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠡᠯᠡ ᠮᠥᠩᠭᠦ ᠶᠢ ᠨᠡᠮᠡᠬᠦ ᠪᠠ ᠪᠠᠭᠤᠯᠭᠠᠬᠤ᠂ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠤᠷᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃ 2025 ᠣᠨ ᠪᠣᠯᠬᠤ ᠳᠤ ᠪᠥᠬᠦ ᠣᠷᠣᠨ ᠤ ᠰᠤᠮᠤ ᠰᠢᠶᠠᠩ ᠪᠠᠯᠭᠠᠰᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠦᠷᠬᠦᠴᠡ ᠶᠢᠨ ᠨᠣᠷᠮ᠎ᠠ ᠶᠢ 80% ᠠᠴᠠ ᠳᠣᠣᠷ᠎ᠠ ᠪᠠᠶᠢᠯᠭᠠᠬᠤ ᠦᠭᠡᠢ᠂ ᠬᠥᠮᠥᠨ ᠠᠮᠠ ᠬᠠᠷᠢᠴᠠᠩᠭᠤᠢ ᠪᠠᠷ ᠲᠥᠪᠯᠡᠷᠡᠭᠰᠡᠨ ᠭᠠᠴᠠᠭ᠎ᠠ ᠲᠣᠰᠬᠤᠨ ᠳᠤ ᠲᠣᠰᠬᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠠᠳᠠᠭ ᠲᠤ ᠪᠠᠨ 1 ᠶᠢ ᠪᠠᠶᠢᠭᠤᠯᠤᠨ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号