ᠬᠢᠩᠭᠠᠨ ᠠᠶᠢᠮᠠᠭ᠄ ᠭᠦᠨᠵᠡᠭᠡᠶ ᠰᠤᠷᠭᠠᠮᠵᠢ ᠠᠪᠴᠤ ᠲᠠᠪᠤᠨ ᠬᠡᠮᠵᠢᠯᠳᠦ ᠠᠵᠢᠯ ᠤᠨ ᠠᠷᠭ᠎ᠠ ᠶᠢ ᠭᠦᠨᠵᠡᠭᠡᠶ ᠳ᠋ᠦᠩᠨᠡᠨ ᠬᠠᠶᠢᠨ ᠰᠦᠪᠡᠭᠴᠢᠯᠡᠵᠦ ᠬᠢᠵᠠᠭᠠᠷ ᠲᠠᠢ ᠣᠷᠣᠨ ᠵᠠᠶ ᠳᠤ ᠠᠵᠢᠯᠯᠠᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠬᠡᠷᠡᠭᠲᠡᠶ
ᠨᠡᠶᠢᠲᠡᠯᠡᠭᠰᠡᠨ ᠴᠠᠭ᠄
2024/8/20
    ᠬᠢᠩᠭᠠᠨ ᠠᠶᠢᠮᠠᠭ ᠬᠢᠵᠠᠭᠠᠷᠲᠠᠢ ᠣᠷᠣᠨ ᠵᠠᠢ ᠳᠤ ᠬᠤᠣᠷᠳᠠᠭᠳᠠᠵᠤ ᠠᠮᠢᠰᠬᠤᠭ᠎ᠠ ᠪᠥᠭᠯᠡᠷᠡᠭᠰᠡᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠬᠢᠵᠠᠭᠠᠷᠲᠠᠢ ᠣᠷᠣᠨ ᠵᠠᠢ ᠳᠤ ᠠᠵᠢᠯᠯᠠᠬᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ︽ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠪᠤᠨ ᠬᠡᠮᠵᠢᠯᠳᠦ ᠠᠵᠢᠯ ᠤᠨ ᠠᠷᠭ᠎ᠠ︾ ᠶᠢ ᠰᠦᠪᠡᠭᠴᠢᠯᠡᠨ ᠬᠡᠷᠡᠭᠵᠢᠭᠦᠯᠵᠦ᠂ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠨᠢᠭᠲᠠ ᠰᠦᠯᠵᠢᠪᠡ᠃    ᠨᠢᠭᠡ ᠳᠤ ︽ᠡᠷᠴᠢᠮ︾ ᠢ ᠪᠠᠶᠢᠷᠢᠯᠠᠭᠤᠯᠤᠨ ᠠᠬᠢᠭᠤᠯᠤᠨ᠎ᠠ᠃ ︽165︾ ᠶᠢᠨ ᠠᠵᠢᠯ ᠤᠨ ᠲᠣᠭᠲᠠᠴᠠ ᠶᠢ ᠪᠠᠶᠢᠭᠤᠯᠬᠤ᠂ ᠲᠤᠬᠠᠶᠢᠯᠠᠪᠠᠯ ᠬᠢᠵᠠᠭᠠᠷ ᠲᠠᠢ ᠣᠷᠣᠨ ᠵᠠᠶ ᠳᠤ ᠠᠵᠢᠯᠯᠠᠬᠤ ᠠᠮᠤᠷ ᠲᠦᠪᠰᠢᠨ ᠤ ︽1︾ ᠶᠢᠨ ᠳᠦᠷᠢᠮ ᠲᠣᠭᠲᠠᠭᠠᠯ ᠢ ᠪᠠᠶᠢᠭᠤᠯᠬᠤ᠂ ᠬᠢᠵᠠᠭᠠᠷ ᠲᠠᠢ ᠣᠷᠣᠨ ᠵᠠᠶ ᠳᠤ ᠠᠵᠢᠯᠯᠠᠬᠤ ᠠᠮᠤᠷ ᠲᠦᠪᠰᠢᠨ ᠤ ᠬᠠᠷᠢᠭᠤᠴᠠᠯᠭ᠎ᠠ᠂ ᠲᠦᠭᠰᠢᠭᠦᠷᠢ ᠶᠢ ᠢᠯᠭᠠᠨ ᠲᠠᠨᠢᠵᠤ ᠦᠨᠡᠯᠡᠨ ᠵᠢᠱᠢᠬᠦ᠂ ᠠᠵᠢᠯᠯᠠᠬᠤ ᠶᠢ ᠬᠢᠨᠠᠨ ᠵᠥᠪᠰᠢᠶᠡᠷᠡᠬᠦ᠂ ᠲᠤᠬᠠᠶ ᠶᠢᠨ ᠲᠠᠯᠠᠪᠠᠶ ᠶᠢᠨ ᠠᠮᠤᠷ ᠲᠦᠪᠰᠢᠨ ᠤ ᠬᠠᠮᠢᠶᠠᠷᠤᠯᠲᠠ᠂ ᠠᠮᠤᠷ ᠲᠦᠪᠰᠢᠨ ᠤ ᠪᠣᠯᠪᠠᠰᠤᠷᠠᠭᠤᠯᠤᠯ ᠬᠥᠮᠦᠵᠢᠯ ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠵᠢᠴᠢ ᠰᠣᠷᠢᠯᠲᠠ ᠬᠢᠬᠦ ︽6︾ ᠶᠢᠨ ᠳᠦᠷᠢᠮ ᠢ ᠲᠡᠭᠦᠯᠳᠡᠷᠵᠢᠭᠦᠯᠬᠦ᠂ ︽ᠲᠦᠭᠰᠢᠭᠦᠷᠢ ᠶᠢᠨ ᠢᠯᠭᠠᠨ ᠲᠠᠨᠢᠬᠤ ᠨᠣᠷᠮ᠎ᠠ᠂ ᠬᠢᠵᠠᠭᠠᠷ ᠲᠠᠢ ᠣᠷᠣᠨ ᠵᠠᠶ ᠶᠢᠨ ᠰᠡᠷᠭᠡᠶᠢᠯᠡᠨ ᠬᠠᠮᠠᠭᠠᠯᠠᠵᠤ ᠲᠤᠰᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠨᠣᠷᠮ᠎ᠠ᠂ ᠠᠵᠢᠯᠯᠠᠬᠤ ᠳᠦᠷᠢᠮ ᠲᠣᠭᠲᠠᠭᠠᠯ ᠢ ᠪᠠᠶᠢᠭᠤᠯᠤᠭᠰᠠᠨ ᠨᠣᠷᠮ᠎ᠠ᠂ ᠲᠤᠰᠬᠠᠶ ᠬᠥᠮᠦᠵᠢᠯ ᠪᠣᠯᠪᠠᠰᠤᠷᠠᠭᠤᠯᠤᠯ ᠳᠤ ᠣᠷᠣᠯᠴᠠᠭᠰᠠᠨ ᠨᠣᠷᠮ᠎ᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠳᠤ ᠣᠷᠣᠯᠴᠠᠭᠰᠠᠨ ᠨᠣᠷᠮ᠎ᠠ︾ ︽5︾ ᠶᠢᠨ ᠬᠠᠷᠠᠯᠲᠠ ᠪᠠᠨ ᠪᠥᠷᠢᠨ ᠪᠡᠶᠡᠯᠡᠭᠦᠯᠦᠨ᠎ᠡ᠃    ᠬᠤᠶᠠᠷ ᠲᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠳᠤ ︽ᠨᠠᠷᠢᠯᠢᠭ ᠤᠨ ᠬᠡᠮᠵᠢᠶ᠎ᠡ︾ ᠶᠢ ᠳᠡᠭᠡᠭᠰᠢᠯᠡᠭᠦᠯᠪᠡ᠃ ᠬᠢᠵᠠᠭᠠᠷ ᠲᠠᠢ ᠣᠷᠣᠨ ᠵᠠᠶ ᠶᠢᠨ ᠠᠵᠢᠯᠯᠠᠬᠤ ᠲᠠᠯᠠᠪᠤᠷ ᠤᠨ ᠰᠠᠭᠤᠷᠢ ᠲᠤᠭ᠎ᠠ ᠶᠢ ᠱᠠᠲᠤ ᠲᠥᠷᠥᠯ ᠬᠤᠪᠢᠶᠠᠨ ᠵᠢᠭᠰᠠᠭᠠᠨ ᠪᠠᠶᠢᠴᠠᠭᠠᠵᠤ᠂ ᠬᠢᠵᠠᠭᠠᠷ ᠲᠠᠢ ᠣᠷᠣᠨ ᠵᠠᠶ ᠶᠢᠨ ᠠᠶᠤᠯ ᠲᠦᠭᠰᠢᠭᠦᠷᠢ ᠶᠢᠨ ᠳᠠᠯᠳᠠ ᠬᠡᠮ ᠢ ᠲᠣᠳᠣᠷᠬᠠᠶ ᠣᠶᠢᠯᠠᠭᠠᠬᠤ ᠬᠡᠷᠡᠭᠲᠡᠶ᠃ ᠪᠥᠬᠦ ᠠᠶᠢᠮᠠᠭ ᠤᠨ ᠬᠢᠵᠠᠭᠠᠷᠲᠠᠶ ᠣᠷᠣᠨ ᠵᠠᠶ ᠶᠢᠨ ᠨᠠᠷᠢᠨ ᠲᠠᠩᠰᠠ ᠶᠢᠨ ᠬᠥᠮᠥᠷᠭᠡ᠂ ᠡᠬᠡ ᠲᠠᠩᠰᠠ ᠶᠢᠨ ᠮᠠᠶ᠋ᠢᠭ ᠤᠨ ᠬᠠᠮᠢᠶᠠᠷᠤᠯᠲᠠ ᠶᠢᠨ ᠪᠥᠬᠦ ᠠᠶᠢᠮᠠᠭ ᠤᠨ 1006 ᠠᠵᠤ ᠠᠬᠤᠶᠢᠯᠠᠯ᠂ 27568 ᠬᠢᠵᠠᠭᠠᠷ ᠲᠠᠢ ᠣᠷᠣᠨ ᠵᠠᠶ ᠶᠢᠨ ᠣᠷᠣᠨ ᠪᠠᠶᠢᠷᠢ᠂ ᠲᠥᠷᠥᠯ ᠬᠡᠯᠪᠡᠷᠢ᠂ ᠠᠶᠤᠯ ᠲᠦᠭᠰᠢᠭᠦᠷᠢ ᠶᠢᠨ ᠬᠦᠴᠦᠨ ᠵᠦᠢᠯ᠂ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠡᠷᠭᠡ ᠦᠨᠳᠦᠰᠦᠨ ᠮᠡᠳᠡᠭᠡ ᠵᠠᠩᠭᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠬᠡ ᠲᠠᠩᠰᠠ ᠶᠢ ︽ᠪᠠᠶᠢᠩᠭᠤ ᠰᠢᠨᠡᠴᠢᠯᠡᠬᠦ︾ ᠶᠢ ᠦᠨᠡᠨ ᠬᠦ ᠪᠠᠲᠤᠯᠠᠪᠠ᠃    ᠭᠤᠷᠪᠠ ᠳᠤ  ᠦᠢᠯᠡᠴᠢᠯᠡᠭᠡ ᠶᠢ ᠵᠢᠯᠣᠭᠤᠳᠤᠨ ︽ᠳᠤᠯᠠᠭᠠᠨ ᠤ ᠬᠡᠮᠵᠢᠶ᠎ᠡ︾ ᠶᠢ ᠳᠡᠭᠡᠭᠰᠢᠯᠡᠭᠦᠯᠦᠨ᠎ᠡ᠃ ︽ ᠦᠢᠯᠡᠴᠢᠯᠡᠬᠦ ᠶᠢᠨ ᠳᠠᠭᠠᠤ ᠬᠠᠷᠢᠭᠤ ᠲᠤᠰᠬᠠᠬᠤ︾᠂ ︽ ᠦᠢᠯᠡᠴᠢᠯᠡᠬᠦ ᠪᠠ ᠵᠢᠱᠢᠶ᠎ᠡ ᠦᠵᠡᠭᠦᠯᠬᠦ ᠶᠢ ᠵᠡᠷᠭᠡ ᠪᠠᠷ ᠶᠠᠪᠤᠭᠤᠯᠬᠤ︾ ᠵᠠᠭᠪᠤᠷ ᠶᠣᠰᠣᠭᠠᠷ᠂ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠬᠢᠵᠠᠭᠠᠷᠲᠠᠶ ᠣᠷᠣᠨ ᠵᠠᠶ ᠳᠤ ᠠᠵᠢᠯᠯᠠᠬᠤ ᠣᠯᠠᠨ ᠲᠤᠰᠬᠠᠶ ᠮᠡᠷᠭᠡᠵᠢᠯᠲᠡᠨ ᠢ ᠤᠷᠢᠵᠤ᠂ 30 ᠠᠵᠤ ᠠᠬᠤᠶᠢᠯᠠᠯ ᠢ ᠵᠢᠯᠣᠭᠤᠳᠤᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠡᠩ ᠤᠨ ᠳᠠᠯᠳᠠ ᠬᠡᠮ 210 ᠵᠦᠢᠯ ᠢ ᠠᠷᠢᠯᠭᠠᠵᠤ᠂ ᠬᠦᠨᠳᠦ ᠶᠡᠭᠡ ᠠᠳᠡᠯ ᠤᠨ ᠳᠠᠯᠳᠠ ᠬᠡᠮ 10 ᠵᠦᠢᠯ ᠢ ᠠᠷᠢᠯᠭᠠᠪᠠ᠃ ︽ᠬᠢᠵᠠᠭᠠᠷ ᠲᠠᠢ ᠣᠷᠣᠨ ᠵᠠᠶ ᠳᠤ ᠠᠵᠢᠯᠯᠠᠬᠤ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ︿ᠲᠣᠳᠣᠷᠬᠠᠶ ᠺᠠᠷᠲ﹀ ᠢ ᠲᠠᠷᠬᠠᠭᠠᠵᠤ᠂ ︿ᠠᠵᠤ ᠦᠢᠯᠡᠳᠪᠦᠷᠢᠯᠡᠯ ᠠᠷᠠᠯᠵᠢᠶᠠᠨ ᠤ ᠠᠵᠤ ᠠᠬᠤᠶᠢᠯᠠᠯ ᠤᠨ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ﹀ ᠶᠢ ᠵᠣᠬᠢᠶᠠᠨ ᠪᠠᠶᠢᠭᠤᠯᠤᠨ ᠰᠤᠷᠤᠯᠴᠠᠨ ᠲᠤᠤᠱᠯᠠᠭᠤᠯᠪᠠ᠃    ᠳᠥᠷᠪᠡ ᠳᠤ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠲᠠᠯ᠎ᠠ ᠪᠠᠷ ︽ᠡᠷᠴᠢᠮ︾ ᠲᠠᠢ ᠪᠣᠯᠪᠠ᠃ ᠬᠢᠵᠠᠭᠠᠷ ᠲᠠᠢ ᠣᠷᠣᠨ ᠵᠠᠶ ᠳᠤ ᠬᠤᠯᠪᠣᠭᠳᠠᠭᠰᠠᠨ ᠠᠵᠢᠯᠯᠠᠵᠤ ᠪᠠᠶᠢᠭ᠎ᠠ ᠠᠵᠤ ᠠᠬᠤᠶᠢᠯᠠᠯ ᠢ ᠪᠠᠶᠢᠩᠭᠤᠵᠢᠭᠰᠠᠨ ᠰᠢᠮᠳᠠᠭᠤᠯᠤᠨ ᠪᠠᠶᠢᠴᠠᠭᠠᠬᠤ᠂ ᠣᠨ ᠤ ᠬᠠᠤᠯᠢ ᠬᠡᠷᠡᠭᠵᠢᠭᠦᠯᠵᠦ ᠪᠠᠶᠢᠴᠠᠭᠠᠬᠤ ᠭᠤᠤᠯᠳᠠᠯᠭ᠎ᠠ ᠳᠤ ᠵᠢᠭᠰᠠᠭᠠᠨ ᠣᠷᠣᠭᠤᠯᠵᠤ᠂ ᠣᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠵᠦ ᠪᠠᠶᠢᠴᠠᠭᠠᠬᠤ ᠡᠲᠡᠭᠡᠳ ᠲᠠᠢ ᠬᠠᠮᠲᠤᠷᠠᠨ᠂ ᠬᠢᠵᠠᠭᠠᠷ ᠲᠠᠢ ᠣᠷᠣᠨ ᠵᠠᠶ ᠶᠢ ᠢᠯᠭᠠᠨ ᠲᠠᠨᠢᠭᠰᠠᠨ ᠢᠶᠠᠷ ᠬᠦᠷᠦᠯᠴᠡᠬᠦ ᠥᠬᠡᠶ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠨᠢ ᠬᠦᠴᠦᠨ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠢ ᠬᠠᠤᠯᠢ ᠶᠣᠰᠣᠭᠠᠷ ᠴᠢᠩᠭ᠎ᠠ ᠰᠢᠳᠬᠡᠨ ᠲᠣᠷᠭᠠᠵᠤ᠂ ︽ᠨᠢᠭᠡ ᠬᠡᠷᠡᠭ ᠢ ᠬᠤᠤᠰ ᠢᠶᠠᠷ ᠲᠣᠷᠭᠠᠬᠤ︾᠂ ᠠᠵᠢᠯ  ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠰᠡᠷᠡᠮᠵᠢᠯᠡᠭᠦᠯᠬᠦ ᠰᠦᠷᠳᠡᠭᠦᠯᠬᠦ  ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ᠃ ᠣᠳᠣᠬᠠᠨ ᠪᠣᠯᠲᠠᠯ᠎ᠠ᠂ ᠪᠥᠬᠦ ᠠᠶᠢᠮᠠᠭ ᠲᠤ 229 ᠪᠠᠶᠢᠴᠠᠭᠠᠬᠤ ᠳᠤᠭᠤᠶᠢᠯᠠᠩ ᠲᠣᠮᠢᠯᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ 454 ᠬᠥᠮᠦᠨ ᠤᠳᠠᠭ᠎ᠠ ᠬᠥᠳᠡᠯᠭᠡᠨ᠂ 114 ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ 846 ᠠᠵᠤ ᠠᠬᠤᠶᠢᠯᠠᠯ ᠨᠢᠭᠡᠴᠡ᠂ 9260 ᠬᠢᠵᠠᠭᠠᠷ ᠲᠠᠢ ᠣᠷᠣᠨ ᠵᠠᠶ ᠶᠢ ᠪᠠᠶᠢᠴᠠᠭᠠᠵᠤ᠂ 633 ᠵᠦᠢᠯ ᠤᠨ ᠠᠰᠠᠭᠤᠳᠠᠯ ᠬᠡᠮ ᠰᠣᠭᠤᠭ ᠢ ᠠᠷᠢᠯᠭᠠᠪᠠ᠃    ᠲᠠᠪᠤ ᠳᠤ᠂ ᠤᠬᠠᠭᠤᠯᠤᠨ ᠰᠣᠷᠢᠯᠲᠠ ᠬᠢᠵᠦ ︽ᠥᠷᠭᠡᠴᠡ︾ ᠶᠢ ᠥᠷᠭᠡᠳᠬᠡᠨ᠎ᠡ᠃ ᠬᠢᠩᠭᠠᠨ ᠠᠶᠢᠮᠠᠭ ᠤᠨ ᠲᠦᠮᠡᠨ ᠨᠢᠭᠡᠳᠦᠭᠡᠷ ᠹᠷᠣᠨᠲ ᠤᠨ ᠠᠵᠢᠯᠲᠠᠨ ᠤ ᠶᠡᠭᠡ ᠪᠣᠯᠪᠠᠰᠤᠷᠠᠭᠤᠯᠤᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠬᠢᠵᠠᠭᠠᠷ ᠲᠠᠢ ᠣᠷᠣᠨ ᠵᠠᠶ ᠳᠤ ᠠᠵᠢᠯᠯᠠᠬᠤ ᠠᠮᠤᠷ ᠲᠦᠪᠰᠢᠨ ᠤ ᠤᠬᠠᠭᠤᠯᠭ᠎ᠠ ᠶᠢᠨ ᠰᠣᠷᠢᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠡᠯ᠎ᠡ ᠲᠥᠷᠥᠯ ᠤᠨ ᠤᠬᠠᠭᠤᠯᠬᠤ ᠵᠠᠭᠤᠴᠢᠯᠠᠭᠤᠷ ᠢᠶᠠᠷ ᠳᠠᠮᠵᠢᠭᠤᠯᠤᠨ᠂ ᠬᠢᠵᠠᠭᠠᠷᠲᠠᠶ ᠣᠷᠣᠨ ᠵᠠᠶ ᠶᠢᠨ ᠠᠮᠤᠷ ᠲᠦᠪᠰᠢᠨ ᠤ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ ︽ᠪᠠᠭ᠎ᠠ ᠣᠷᠣᠨ ᠵᠠᠶ᠂ ᠶᠡᠭᠡ ᠲᠦᠭᠰᠢᠭᠦᠷᠢ᠂ ᠴᠢᠩᠭ᠎ᠠ ᠰᠡᠷᠭᠡᠶᠢᠯᠡᠨ ᠬᠠᠮᠠᠭᠠᠯᠠᠬᠤ᠂ ᠠᠮᠤᠷ ᠲᠦᠪᠰᠢᠨ ᠢ ᠪᠠᠲᠤᠯᠠᠬᠤ︾ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号