ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ | ᠪᠢᠴᠢᠭ ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ 【2024 】 12 | ᠳ᠋ᠤᠭᠠᠷ ᠲᠣᠭᠠᠲᠤ | ᠥᠪᠡᠷᠲᠡᠭᠡᠨ ᠵᠠᠰᠠᠬᠤ ᠣᠷᠣᠨ ᠤ | ᠳ᠋ᠢᠵᠢᠲ᠋ᠠᠯ ᠵᠠᠰᠠᠭ ᠤᠨ ᠣᠷᠳᠣᠨ ᠤ | ᠪᠦᠲᠦᠭᠡᠨ ᠪᠠᠶᠢᠭᠤᠯᠤᠯᠲᠠ ᠶᠢᠨ | ᠬᠡᠷᠡᠭᠵᠢᠭᠦᠯᠬᠦ ᠲᠥᠰᠥᠯ ᠢ ᠳᠠᠷᠤᠮᠠᠯᠯᠠᠨ | ᠶᠠᠪᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ | ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ | ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | 《ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ | ᠪᠦᠲᠦᠭᠡᠨ ᠪᠠᠶᠢᠭᠤᠯᠤᠯᠲᠠ ᠶᠢᠨ | ᠬᠡᠷᠡᠭᠵᠢᠭᠦᠯᠬᠦ ᠲᠥᠰᠥᠯ 》 ᠢ ᠡᠳᠦᠭᠡ ᠲᠠ | ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ | ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠢ᠃ | 2024 ᠣᠨ ᠤ 3 ᠳ᠋ᠤᠭᠠᠷ ᠰᠠᠷ᠎ᠠ ᠶᠢᠨ 5 ᠤ | ᠡᠳᠦᠷ | (ᠲᠤᠰ ᠪᠢᠴᠢᠭ ᠮᠠᠲ᠋ᠧᠷᠢᠶᠠᠯ ᠢ ᠢᠯᠡ | ᠨᠡᠶᠢᠲᠡᠯᠡᠨ᠎ᠡ ) | ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ | ᠪᠦᠲᠦᠭᠡᠨ ᠪᠠᠶᠢᠭᠤᠯᠤᠯᠲᠠ ᠶᠢᠨ | ᠬᠡᠷᠡᠭᠵᠢᠭᠦᠯᠬᠦ ᠲᠥᠰᠥᠯ | ᠳ᠋ᠢᠵᠢᠲ᠋ᠠᠯ ᠵᠠᠰᠠᠭ ᠤᠨ ᠣᠷᠳᠣᠨ ᠤ | ᠪᠦᠲᠦᠭᠡᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ | 《ᠳ᠋ᠢᠵᠢᠲ᠋ᠠᠯ ᠵᠠᠰᠠᠭ ᠤᠨ ᠣᠷᠳᠣᠨ ᠤ | ᠪᠦᠲᠦᠭᠡᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠵᠢᠯᠤᠭᠤᠳᠬᠤ | ᠰᠠᠨᠠᠯ 》 (ᠲᠥᠷᠥ ᠲᠠᠷᠬᠠᠭᠠᠭᠰᠠᠨ【2022 】 14 | ᠳ᠋ᠦ᠋ᠭᠡᠷ ᠲᠣᠭᠠᠲᠤ ) ᠤᠨ | ᠱᠠᠭᠠᠷᠳᠠᠯᠭ᠎ᠠ ᠶᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ | ᠪᠣᠳᠠᠲᠠᠢ ᠲᠠᠢ ᠤᠶᠠᠯᠳᠤᠭᠤᠯᠵᠤ᠂ ᠲᠣᠰ | ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | (ᠨᠢᠭᠡ ) ᠵᠢᠯᠤᠭᠤᠳᠬᠤ ᠦᠵᠡᠯ ᠰᠠᠨᠠᠭ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠵᠢᠴᠢ | ᠬᠤᠷᠢᠳᠤᠭᠠᠷ ᠬᠤᠭᠤᠴᠠᠭᠠᠨ ᠤ ᠬᠤᠷᠢᠶᠠᠨ ᠤ | ᠨᠢᠭᠡᠳᠦᠭᠡᠷ᠂ ᠬᠤᠶᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠰᠦᠯᠵᠢᠶᠡᠨ ᠤ ᠬᠦᠴᠦᠷᠬᠡᠭ | ᠤᠯᠤᠰ ᠤᠨ ᠲᠤᠬᠠᠢ ᠴᠢᠬᠤᠯᠠ ᠦᠵᠡᠯ | ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠵᠤ᠂ | ᠥᠭᠡᠷᠡᠴᠢᠯᠡᠯᠲᠡ ᠪᠠᠷ ᠬᠥᠲᠥᠯᠥᠨ | ᠳᠠᠭᠠᠭᠤᠯᠬᠤ᠂ ᠳ᠋ᠠᠶᠢᠲ᠋ᠠ ᠪᠠᠷ ᠬᠦᠴᠦᠨ | ᠣᠯᠭᠤᠬᠤ ᠶᠢ ᠪᠠᠷᠢᠮᠲᠠᠯᠠᠵᠤ᠂ | ᠨᠢᠭᠡᠳᠦᠯᠲᠡᠢ ᠲᠥᠯᠥᠪᠯᠡᠬᠦ᠂ ᠲᠥᠷᠥᠯ | ᠠᠩᠭᠢᠯᠠᠨ ᠬᠡᠷᠡᠭᠵᠢᠭᠦᠯᠬᠦ ᠶᠢ | ᠪᠠᠷᠢᠮᠲᠠᠯᠠᠵᠤ᠂ ᠪᠦᠬᠦᠯᠢ ᠴᠣᠭᠴᠠ ᠪᠠᠷ | ᠬᠠᠮᠵᠢᠯᠴᠠᠬᠤ᠂ ᠠᠮᠤᠷ ᠲᠦᠪᠰᠢᠨ | ᠡᠵᠡᠮᠳᠡᠬᠦᠶᠢᠴᠡ ᠶᠢ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠠᠵᠢᠯ ᠤᠨ ᠭᠤᠣᠯ ᠰᠢᠵᠢᠮ | ᠪᠣᠯᠭᠠᠵᠤ᠂ 《ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠬᠡᠬᠦ 》᠂ 《ᠨᠢᠭᠡ | ᠰᠦᠯᠵᠢᠶ᠎ᠡ ᠪᠠᠷ ᠨᠢᠭᠡᠳᠦᠯᠲᠡᠢ | ᠬᠠᠮᠢᠶᠠᠷᠬᠤ 》᠂ 《ᠨᠢᠭᠡ ᠰᠦᠯᠵᠢᠶ᠎ᠡ ᠪᠠᠷ | ᠬᠠᠮᠵᠢᠯᠴᠠᠬᠤ 》᠂ 《ᠨᠢᠭᠡ ᠤᠲᠠᠰᠤ ᠪᠠᠷ | ᠨᠡᠪᠲᠡᠷᠡᠭᠦᠯᠬᠦ 》 ᠪᠠᠷ ᠬᠥᠲᠥᠯᠥᠮᠵᠢ | ᠪᠣᠯᠭᠠᠵᠤ᠂ ᠳ᠋ᠢᠵᠢᠲ᠋ᠠᠯ ᠮᠡᠷᠭᠡᠵᠢᠯ ᠢ | ᠵᠠᠰᠠᠭ ᠤᠨ ᠣᠷᠳᠣᠨ ᠤ ᠬᠠᠮᠢᠶᠠᠷᠤᠯᠲᠠ | ᠦᠢᠯᠡᠴᠢᠯᠡᠭᠡᠨ ᠤ ᠡᠯ᠎ᠡ ᠵᠦᠢᠯ ᠤᠨ | ᠠᠵᠢᠯ ᠳᠤ ᠥᠷᠭᠡᠨ ᠢᠶᠠᠷ ᠬᠡᠷᠡᠭᠯᠡᠵᠦ᠂ | ᠵᠠᠰᠠᠭ ᠤᠨ ᠣᠷᠳᠣᠨ ᠤ ᠵᠠᠰᠠᠯᠲᠠ ᠶᠢᠨ | ᠶᠠᠪᠤᠴᠠ ᠶᠢ ᠰᠢᠯᠢᠳᠡᠭᠵᠢᠭᠦᠯᠬᠦ᠂ | ᠵᠠᠭᠪᠤᠷ ᠲᠤ ᠰᠢᠨ᠎ᠡ ᠶᠢ ᠡᠭᠦᠳᠬᠦ ᠪᠠ | ᠡᠭᠦᠷᠭᠡ ᠲᠤᠰᠢᠶᠠᠯ ᠭᠦᠢᠴᠡᠳᠬᠡᠬᠦ | ᠴᠢᠳᠠᠪᠤᠷᠢ ᠪᠠᠨ ᠳᠡᠭᠡᠭᠰᠢᠯᠡᠭᠦᠯᠬᠦ ᠶᠢ | ᠠᠬᠢᠭᠤᠯᠵᠤ᠂ ᠵᠠᠰᠠᠭ ᠤᠨ ᠣᠷᠳᠣᠨ ᠤ | ᠲᠣᠭᠠᠵᠢᠭᠤᠯᠤᠭᠰᠠᠨ᠂ ᠣᠶᠤᠨᠴᠢᠯᠠᠭᠰᠠᠨ | ᠠᠵᠢᠯᠯᠠᠭᠠᠨ ᠤ ᠰᠢᠨ᠎ᠡ ᠬᠡᠯᠪᠡᠷᠢ ᠶᠢ ᠪᠣᠢ | ᠪᠣᠯᠭᠠᠵᠤ᠂ ᠳ᠋ᠢᠵᠢᠲ᠋ᠠᠯ ᠵᠠᠰᠠᠭ ᠤᠨ | ᠣᠷᠳᠣᠨ ᠤ ᠪᠦᠲᠦᠭᠡᠨ ᠪᠠᠶᠢᠭᠤᠯᠤᠯᠲᠠ ᠶᠢᠨ | ᠳ᠋ᠢᠵᠢᠲ᠋ᠠᠯ ᠠᠵᠤ ᠠᠬᠤᠢ᠂ ᠳ᠋ᠢᠵᠢᠲ᠋ᠠᠯ | ᠨᠡᠶᠢᠭᠡᠮ᠂ ᠳ᠋ᠢᠵᠢᠲ᠋ᠠᠯ ᠠᠮᠢ ᠠᠬᠤᠢ᠂ | ᠳ᠋ᠢᠵᠢᠲ᠋ᠠᠯ ᠰᠣᠶᠣᠯ ᠢ ᠬᠥᠲᠥᠯᠥᠨ | ᠳᠠᠭᠠᠭᠤᠯᠬᠤ ᠦᠢᠯᠡᠳᠦᠯ ᠢ ᠨᠢ ᠭᠦᠢᠴᠡᠳ | ᠪᠠᠳᠠᠷᠠᠭᠤᠯᠵᠤ᠂ ᠵᠠᠰᠠᠭ ᠤᠨ ᠣᠷᠳᠣᠨ ᠤ | ᠵᠠᠰᠠᠯᠲᠠ ᠶᠢᠨ ᠲᠣᠭᠲᠠᠯᠴᠠᠭ᠎ᠠ ᠪᠣᠯᠣᠨ | ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠳᠤ | ᠬᠦᠴᠦᠲᠡᠢ ᠲᠤᠯᠭᠠᠭᠤᠷᠢᠯᠠᠯ ᠬᠠᠩᠭᠠᠵᠤ᠂ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠠᠷᠠᠳ ᠣᠯᠠᠨ ᠤ | ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠢ ᠨᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | (ᠬᠤᠶᠠᠷ ) ᠶᠡᠷᠦᠩᠬᠡᠢ ᠬᠠᠷᠠᠯᠲᠠ᠃ 2025 ᠣᠨ | ᠪᠣᠯᠬᠤ ᠳᠤ᠂ ᠵᠠᠰᠠᠭ ᠤᠨ ᠣᠷᠳᠣᠨ ᠤ | ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠯᠤᠭ᠎ᠠ ᠵᠣᠬᠢᠴᠠᠯᠳᠤᠭᠰᠠᠨ | ᠳ᠋ᠢᠵᠢᠲ᠋ᠠᠯ ᠵᠠᠰᠠᠭ ᠤᠨ ᠣᠷᠳᠣᠨ ᠤ ᠳᠦᠷᠢᠮ | ᠲᠣᠭᠲᠠᠴᠠ ᠶᠢ ᠨᠠᠩ ᠪᠦᠷᠢᠨᠰᠢᠭᠦᠯᠵᠦ᠂ | ᠵᠠᠰᠠᠭ ᠤᠨ ᠣᠷᠳᠣᠨ ᠤ ᠲᠣᠭᠠᠵᠢᠭᠤᠯᠤᠭᠰᠠᠨ | ᠲᠤᠰᠢᠶᠠᠯ ᠢᠶᠠᠨ ᠭᠦᠢᠴᠡᠳᠬᠡᠬᠦ | ᠴᠢᠳᠠᠪᠤᠷᠢ᠂ ᠠᠮᠤᠷ ᠲᠦᠪᠰᠢᠨ ᠤ | ᠪᠠᠲᠤᠯᠠᠭ᠎ᠠ᠂ ᠳᠦᠷᠢᠮ ᠲᠣᠭᠲᠠᠭᠠᠯ᠂ | ᠳ᠋ᠠᠶᠢᠲ᠋ᠠ ᠶᠢᠨ ᠡᠬᠢ ᠪᠠᠶᠠᠯᠢᠭ᠂ | ᠲᠠᠪᠴᠠᠩ ᠤᠨ ᠲᠤᠯᠭᠠᠭᠤᠷᠢᠯᠠᠯ ᠵᠡᠷᠭᠡ | ᠳ᠋ᠢᠵᠢᠲ᠋ᠠᠯ ᠵᠠᠰᠠᠭ ᠤᠨ ᠣᠷᠳᠣᠨ ᠤ | ᠰᠢᠰᠲ᠋ᠧᠮ ᠤᠨ ᠪᠣᠷᠣ ᠲᠥᠯᠥᠪ ᠢ | ᠦᠨᠳᠦᠰᠦᠨ ᠳᠤ ᠪᠠᠨ ᠪᠦᠷᠢᠯᠳᠦᠭᠦᠯᠦᠨ᠎ᠡ᠂ | ᠵᠠᠰᠠᠭ ᠤᠨ ᠣᠷᠳᠣᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢᠨ | ᠲᠣᠭᠠᠵᠢᠭᠤᠯᠤᠭᠰᠠᠨ᠂ ᠣᠶᠤᠨᠴᠢᠯᠠᠭᠰᠠᠨ | ᠲᠦᠪᠰᠢᠨ ᠢ ᠢᠯᠡᠳᠲᠡ ᠳᠡᠭᠡᠭᠰᠢᠯᠡᠭᠦᠯᠵᠦ᠂ | ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠶᠢ ᠰᠢᠨᠵᠢᠯᠡᠬᠦ | ᠤᠬᠠᠭᠠᠨᠴᠢᠯᠠᠬᠤ᠂ ᠨᠡᠶᠢᠭᠡᠮ ᠤᠨ | ᠵᠠᠰᠠᠯᠲᠠ ᠶᠢ ᠣᠨᠣᠴᠠᠲᠠᠢ ᠪᠣᠯᠭᠠᠬᠤ᠂ ᠣᠯᠠᠨ | ᠨᠡᠶᠢᠲᠡ ᠶᠢᠨ ᠦᠢᠯᠡᠴᠢᠯᠡᠭᠡ ᠶᠢᠨ | ᠲᠦᠭᠡᠮᠡᠯ ᠬᠠᠷᠠᠭᠠᠯᠵᠠᠬᠤ ᠠᠵᠢᠯ ᠢ ᠴᠢᠬᠤᠯᠠ | ᠠᠬᠢᠴᠠ ᠲᠠᠢ ᠪᠣᠯᠭᠠᠵᠤ᠂ ᠳ᠋ᠢᠵᠢᠲ᠋ᠠᠯ | ᠵᠠᠰᠠᠭ ᠤᠨ ᠣᠷᠳᠣᠨ ᠤ ᠪᠦᠲᠦᠭᠡᠨ | ᠪᠠᠶᠢᠭᠤᠯᠤᠯᠲᠠ ᠶᠢᠨ ᠥᠪᠡᠷᠲᠡᠭᠡᠨ ᠵᠠᠰᠠᠬᠤ | ᠣᠷᠣᠨ ᠤ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠳᠤ ᠦᠢᠯᠡᠴᠢᠯᠡᠬᠦ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠠᠷᠠᠳ | ᠲᠦᠮᠡᠨ ᠳᠤ ᠲᠠᠭᠠᠰᠢᠶᠠᠭᠳᠠᠭᠰᠠᠨ | ᠦᠢᠯᠡᠴᠢᠯᠡᠭᠡᠨ ᠤ ᠬᠡᠯᠪᠡᠷᠢᠲᠦ ᠵᠠᠰᠠᠭ ᠤᠨ | ᠣᠷᠳᠣᠨ ᠢ ᠪᠠᠶᠢᠭᠤᠯᠬᠤ ᠵᠡᠷᠭᠡ | ᠲᠠᠯ᠎ᠠ ᠳᠠᠬᠢ ᠴᠢᠬᠤᠯᠠ ᠦᠢᠯᠡᠳᠦᠯ ᠢ ᠨᠢ | ᠪᠠᠳᠠᠷᠠᠭᠤᠯᠤᠨ᠎ᠠ᠃ | 2035 ᠣᠨ ᠪᠣᠯᠬᠤ ᠳᠤ᠂ ᠵᠠᠰᠠᠭ ᠤᠨ ᠣᠷᠳᠣᠨ ᠤ | ᠵᠠᠰᠠᠯᠲᠠ ᠶᠢᠨ ᠲᠣᠭᠲᠠᠯᠴᠠᠭ᠎ᠠ ᠪᠠ | ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠯᠤᠭ᠎ᠠ ᠵᠣᠬᠢᠴᠠᠯᠳᠤᠭᠰᠠᠨ | ᠳ᠋ᠢᠵᠢᠲ᠋ᠠᠯ ᠵᠠᠰᠠᠭ ᠤᠨ ᠣᠷᠳᠣᠨ ᠤ | ᠲᠣᠭᠲᠠᠯᠴᠠᠭ᠎ᠠ ᠶᠢᠨ ᠪᠣᠷᠣ ᠲᠥᠯᠥᠪ ᠢ ᠨᠠᠩ | ᠪᠣᠯᠪᠠᠰᠤᠷᠠᠩᠭᠤᠢ ᠪᠦᠷᠢᠨ ᠲᠡᠭᠦᠯᠳᠡᠷ | ᠪᠣᠯᠭᠠᠵᠤ᠂ ᠪᠦᠬᠦᠯᠢ ᠴᠣᠭᠴᠠ ᠪᠠᠷ | ᠬᠠᠮᠵᠢᠯᠴᠠᠭᠰᠠᠨ᠂ ᠱᠠᠯᠠᠮᠠᠭᠠᠢ ᠪᠥᠭᠡᠳ | ᠥᠨᠳᠥᠷ ᠪᠦᠲᠦᠮᠵᠢᠲᠡᠶ᠂ ᠣᠶᠤᠨᠯᠢᠭ ᠪᠥᠭᠡᠳ | ᠨᠠᠷᠢᠯᠢᠭ ᠣᠨᠣᠴᠠᠲᠠᠢ᠂ ᠴᠢᠯᠦᠭᠡᠲᠡᠢ | ᠨᠡᠭᠡᠭᠡᠭᠰᠡᠨ ᠪᠥᠭᠡᠳ ᠢᠯᠡ ᠲᠣᠳᠣ᠂ ᠡᠷᠬᠡ | ᠲᠡᠭᠰᠢ ᠪᠥᠭᠡᠳ ᠨᠡᠶᠢᠳᠡᠮ ᠳᠤ | ᠬᠠᠷᠠᠭᠠᠯᠵᠠᠭᠰᠠᠨ ᠳ᠋ᠢᠵᠢᠲ᠋ᠠᠯ ᠵᠠᠰᠠᠭ ᠤᠨ | ᠣᠷᠳᠣᠨ ᠢ ᠦᠨᠳᠦᠰᠦᠨ ᠳᠤ ᠪᠠᠨ | ᠪᠠᠶᠢᠭᠤᠯᠵᠤ᠂ ᠨᠡᠶᠢᠭᠡᠮ ᠵᠢᠷᠤᠮᠲᠤ | ᠣᠳᠣᠬᠢᠴᠢᠯᠠᠯᠲᠠ ᠶᠢ ᠦᠨᠳᠦᠰᠦᠨ ᠳᠤ ᠪᠠᠨ | ᠪᠡᠶᠡᠯᠡᠭᠦᠯᠬᠦ ᠳᠤ ᠬᠦᠴᠦᠲᠡᠢ | ᠲᠤᠯᠭᠠᠭᠤᠷᠢᠯᠠᠯ ᠬᠠᠩᠭᠠᠨ᠎ᠠ᠃ | ᠨᠠᠷᠢᠨ ᠠᠭᠤᠯᠭ᠎ᠠ ᠶᠢ ᠲᠤᠰ ᠰᠦᠯᠵᠢᠶᠡᠨ ᠬᠠᠶ᠋ᠢᠭ ᠢᠶᠠᠷ ᠤᠷᠤᠵᠤ ᠦᠵᠡᠬᠡᠷᠡᠢ᠄ | https://mgl.nmg.gov.cn/am/2024/8/19/U_76435_1020325.html? | pid=13035 | | | |