ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠵᠠᠷ  14 ᠳ᠋ᠦᠭᠡᠷ ᠲᠣᠭᠠᠲᠤ
ᠨᠡᠶᠢᠲᠡᠯᠡᠭᠰᠡᠨ ᠴᠠᠭ᠄
2024/8/21
    ᠬᠤᠯᠪᠣᠭᠳᠠᠯ ᠪᠥᠬᠦᠢ ᠱᠠᠭᠠᠷᠳᠠᠯᠭ᠎ᠠ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠠᠶᠤᠯ ᠥᠭᠡᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠣᠯᠭᠤᠬᠤ ᠬᠠᠮᠢᠶᠠᠷᠤᠯᠲᠠ ᠶᠢᠨ ᠠᠷᠭ᠎ᠠ ︵ᠰᠠᠨᠠᠯ ᠬᠤᠷᠢᠶᠠᠬᠤ ᠡᠭᠡ ᠨᠤᠤᠷᠠᠭ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠶᠤᠯ ᠥᠭᠡᠢ ᠶᠢᠨ ᠪᠡᠯᠡᠳᠬᠡᠮᠵᠢ ᠶᠢᠨ ︽ᠭᠤᠷᠪᠠ ᠶᠢ ᠵᠡᠷᠭᠡ ᠳᠤ ᠨᠢ ᠬᠢᠬᠦ︾ ᠬᠢᠨᠠᠯᠲᠠ ᠬᠠᠮᠢᠶᠠᠷᠤᠯᠲᠠ ᠶᠢᠨ ᠠᠷᠭ᠎ᠠ ︵ᠰᠠᠨᠠᠯ ᠬᠤᠷᠢᠶᠠᠬᠤ ᠡᠭᠡ ᠨᠤᠤᠷᠠᠭ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶ ︵ᠰᠠᠨᠠᠯ ᠬᠤᠷᠢᠶᠠᠬᠤ ᠡᠭᠡ ᠨᠤᠤᠷᠠᠭ︶︾ ᠲᠤ ᠰᠠᠨᠠᠯ ᠰᠣᠨᠣᠰᠬᠤ ᠬᠤᠷᠠᠯ ᠬᠤᠷᠠᠯᠳᠤᠭᠤᠯᠬᠤ ᠪᠠᠷ ᠪᠠᠶᠢᠨ᠎ᠠ᠂ ᠡᠳᠦᠭᠡ ᠬᠤᠯᠪᠣᠭᠳᠠᠯ ᠪᠥᠬᠦᠢ ᠤᠴᠢᠷ ᠢ ᠳᠣᠣᠷᠠᠬᠢ ᠮᠡᠲᠦ᠄    ᠨᠢᠭᠡ᠂ ᠬᠤᠷᠠᠯ ᠤᠨ ᠴᠠᠭ    2024 ᠣᠨ ᠤ 9 ᠳ᠋ᠤᠭᠡᠷ ᠰᠠᠷ᠎ᠠ ᠳᠤ᠂ ᠪᠣᠳᠠᠲᠠᠶ ᠴᠠᠭ ᠬᠤᠭᠤᠴᠠᠭ᠎ᠠ ᠶᠢ ᠠᠰ ᠲᠤᠨᠢ ᠮᠡᠳᠡᠭᠳᠡᠨ᠎ᠡ᠃    ᠬᠤᠶᠠᠷ᠂ ᠬᠤᠷᠠᠯ ᠤᠨ ᠭᠠᠵᠠᠷ    ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠤᠩ ᠹᠸᠢ ᠡᠮᠦᠨ᠎ᠡ ᠵᠠᠮ ᠤᠨ 40  ᠳ᠋ᠤᠭᠡᠷ ᠨᠣᠮᠧᠷ ᠲᠠᠬᠢ ᠥᠪᠥᠷ ᠮᠣᠩᠭᠤᠯ ᠤᠨ ᠠᠭᠤᠷᠬᠠᠶ ᠲᠣᠮᠣ ᠠᠰᠠᠷ ᠤᠨ ᠪᠠᠷᠠᠭᠤᠨ ᠳᠡᠳ᠋ ᠠᠰᠠᠷ︶     ᠭᠤᠷᠪᠠ᠂ ᠨᠡᠷ᠎ᠡ ᠮᠡᠳᠡᠭᠦᠯᠬᠦ ᠱᠠᠭᠠᠷᠳᠠᠯᠭ᠎ᠠ    ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ︶ ᠶᠢᠨ ᠠᠷᠪᠠᠨ ᠳᠣᠯᠣᠳᠤᠭᠠᠷ ᠵᠦᠢᠯ ᠤᠨ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠴᠥᠮ ᠲᠣᠰ ᠰᠠᠨᠠᠯ ᠰᠣᠨᠣᠰᠬᠤ ᠬᠤᠷᠠᠯ ᠳᠤ ᠨᠡᠷ᠎ᠡ ᠮᠡᠳᠡᠭᠦᠯᠵᠦ ᠣᠷᠣᠯᠴᠠᠬᠤ ᠪᠠᠷ ᠭᠤᠶᠤᠴᠢᠯᠠᠵᠤ ᠪᠣᠯᠤᠨ᠎ᠠ᠃ ᠬᠤᠯᠪᠣᠭᠳᠠᠯ ᠪᠦᠬᠦᠢ ᠱᠠᠭᠠᠷᠳᠠᠯᠭ᠎ᠠ ᠨᠢ ᠳᠣᠣᠷᠠᠬᠢ ᠮᠡᠲᠦ᠄     ︵ᠨᠢᠭᠡ ︶    ᠰᠠᠨᠠᠯ ᠰᠣᠨᠣᠰᠬᠤ ᠬᠤᠷᠠᠯ ᠳᠤ ᠣᠷᠣᠯᠴᠠᠭᠰᠠᠳ ᠬᠡᠷᠪᠡ  ᠤᠨᠴᠠᠭᠠᠢ ᠪᠠᠶᠢᠳᠠᠯ ᠲᠣᠬᠢᠶᠠᠯᠳᠤᠭᠠᠳ ᠪᠡᠶ᠎ᠡ ᠪᠠᠷ ᠢᠶᠠᠨ ᠣᠷᠣᠯᠴᠠᠵᠤ ᠳᠡᠶᠢᠯᠬᠦ ᠦᠭᠡᠶ ᠪᠣᠯ ᠪᠤᠰᠤᠳ ᠬᠥᠮᠦᠨ ᠳᠤ ᠨᠠᠶᠢᠳᠠᠨ ᠣᠷᠣᠯᠴᠠᠭᠤᠯᠵᠤ ᠪᠣᠯᠤᠨ᠎ᠠ᠃    ︵ᠬᠤᠶᠠᠷ︶ ᠰᠠᠨᠠᠯ ᠰᠣᠨᠣᠰᠬᠤ ᠬᠤᠷᠠᠯ ᠳᠤ ᠣᠷᠣᠯᠴᠠᠭᠰᠠᠳ ᠨᠢ ᠪᠣᠳᠠᠲᠤ ᠬᠡᠷᠡᠭ ᠲᠤ ᠦᠨᠡᠨᠴᠢ ᠪᠠᠶᠢᠵᠤ᠂ ᠲᠥᠯᠥᠭᠡᠯᠡᠵᠦ ᠪᠠᠶᠢᠭ᠎ᠠ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠰᠠᠨᠠᠯ ᠢ ᠪᠤᠰᠤᠳᠴᠢ ᠪᠠᠷ ᠲᠤᠰᠬᠠᠬᠤ ᠬᠡᠷᠡᠭᠲᠡᠢ᠃    ︵ᠭᠤᠷᠪᠠ︶ ᠰᠠᠨᠠᠯ ᠰᠣᠨᠣᠰᠬᠤ ᠬᠤᠷᠠᠯ ᠳᠡᠭᠡᠷ᠎ᠡ ᠬᠠᠩᠭᠠᠭᠰᠠᠨ ᠮᠠᠲ᠋ᠧᠷᠢᠶᠠᠯ ᠢ ᠵᠥᠪᠬᠡᠨ ᠰᠠᠨᠠᠯ ᠰᠣᠨᠣᠰᠬᠤ ᠳᠤ ᠣᠷᠣᠯᠴᠠᠭᠰᠠᠳ ᠤᠨ ᠰᠠᠨᠠᠯ ᠢᠶᠠᠨ ᠢᠯᠡᠳᠬᠡᠬᠦ ᠦᠶ᠎ᠡ ᠳᠤ ᠯᠠᠪᠯᠠᠯᠲᠠ ᠪᠣᠯᠭᠠᠵᠤ᠂ ᠬᠤᠷᠠᠯ ᠤᠨ ᠳᠠᠷᠠᠭ᠎ᠠ ᠬᠤᠷᠢᠶᠠᠨ ᠠᠪᠤᠨ᠎ᠠ᠃    ︵ᠲᠦᠷᠪᠡ︶  ᠰᠠᠨᠠᠯ ᠰᠣᠨᠣᠰᠬᠤ ᠳᠤ ᠣᠷᠣᠯᠴᠠᠭᠰᠠᠳ  ᠬᠤᠷᠠᠯ ᠤᠨ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ᠂ ᠤᠯᠤᠰ ᠤᠨ ᠨᠢᠭᠤᠴᠠ ᠶᠢ ᠬᠠᠮᠠᠭᠠᠯᠠᠬᠤ ᠬᠡᠷᠡᠭᠲᠡᠢ᠃ ᠦᠢᠮᠡᠯᠳᠦᠨ ᠱᠤᠤᠭᠢᠯᠳᠤᠵᠤ ᠪᠣᠯᠬᠤ ᠦᠭᠡᠢ᠂ ᠰᠢᠯᠲᠠᠭᠠᠨ ᠦᠭᠡᠢ ᠪᠠᠷ ᠬᠤᠷᠠᠯ ᠤᠨ ᠲᠠᠯᠠᠪᠤᠷ ᠠᠴᠠ ᠭᠠᠷᠴᠤ ᠪᠣᠯᠬᠤ ᠦᠭᠡᠢ᠃ ᠲᠤᠬᠠᠢ ᠶᠢᠨ ᠴᠠᠭ ᠲᠠᠭᠠᠨ ᠣᠷᠣᠯᠴᠠᠬᠤ ᠬᠡᠷᠡᠭᠲᠡᠢ᠂ ᠬᠤᠭᠤᠴᠠᠭ᠎ᠠ ᠬᠡᠲᠦᠷᠡᠲᠡᠯ᠎ᠡ ᠲᠤᠬᠠᠢ ᠶᠢᠨ ᠲᠠᠯᠠᠪᠤᠷ ᠲᠤ ᠢᠷᠡᠭᠰᠡᠨ ᠦᠭᠡᠢ ᠪᠥᠭᠡᠳ ᠵᠦᠢ ᠶᠣᠰᠣᠨ ᠤ ᠰᠢᠯᠲᠠᠭᠠᠨ ᠦᠭᠡᠢ ᠪᠠᠶᠢᠪᠠᠯ᠂ ᠲᠤᠰ ᠤᠳᠠᠭᠠᠨ ᠤ ᠰᠠᠨᠠᠯ ᠰᠣᠨᠣᠰᠤᠯᠲᠠ ᠶᠢ ᠬᠠᠶᠠᠭᠰᠠᠨ ᠢᠶᠠᠷ ᠦᠵᠡᠨ᠎ᠡ᠃    ᠳᠥᠷᠪᠡ᠂ ᠨᠡᠷ᠎ᠡ ᠮᠡᠳᠡᠭᠦᠯᠬᠦ ᠠᠷᠭ᠎ᠠ ᠮᠠᠶ᠋ᠢᠭ    ᠨᠡᠷ᠎ᠡ ᠮᠡᠳᠡᠭᠦᠯᠬᠦ ᠳᠤ ᠡᠯᠧᠺᠲᠷᠣᠨ ᠢᠶᠠᠷ ᠨᠡᠷ᠎ᠡ ᠮᠡᠳᠡᠭᠦᠯᠬᠦ ᠠᠷᠭ᠎ᠠ ᠮᠠᠶ᠋ᠢᠭ ᠢ ᠠᠪᠴᠤ᠂ ᠨᠡᠷ᠎ᠡ ᠮᠡᠳᠡᠭᠦᠯᠬᠦ ᠬᠥᠮᠦᠨ ᠨᠢ ᠪᠦᠷᠢᠨ ᠪᠦᠲᠦᠨ ᠲᠠᠭᠯᠠᠭᠰᠠᠨ ︽ᠰᠠᠨᠠᠯ ᠰᠣᠨᠣᠰᠬᠤ ᠬᠤᠷᠠᠯ ᠳᠤ ᠣᠷᠣᠯᠴᠠᠬᠤ ᠬᠥᠮᠦᠨ ᠤ ᠨᠡᠷ᠎ᠡ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ ᠢ  ᠦᠵᠡᠬᠡᠷᠡᠢ︶ ᠪᠣᠯᠤᠨ ᠲᠣᠰ ᠬᠥᠮᠦᠨ ᠤ ᠪᠡᠶ᠎ᠡ ᠶᠢᠨ ᠦᠨᠡᠮᠯᠡᠯ ᠤᠨ ᠰᠢᠷᠪᠢᠭᠰᠡᠨ ᠮᠠᠲ᠋ᠧᠷᠢᠶᠠᠯ ᠢ ᠢᠮᠧᠯ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠠᠳᠠᠯ ᠢ ᠪᠠᠶᠢᠴᠠᠭᠠᠨ ᠰᠢᠢᠳᠪᠦᠷᠢᠯᠡᠬᠦ ᠠᠯᠪᠠᠨ ᠭᠡᠷ ᠲᠤ ᠢᠯᠡᠭᠡᠭᠡᠷᠡᠶ᠃    ᠨᠡᠷ᠎ᠡ ᠮᠡᠳᠡᠭᠦᠯᠬᠦ ᠶᠢ ᠵᠣᠭᠰᠣᠭᠠᠬᠤ ᠴᠠᠭ᠄ 2024 ᠣᠨ ᠤ 9 ᠳ᠋ᠤᠭᠡᠷ ᠰᠠᠷ᠎ᠠ ᠶᠢᠨ 2 ᠤᠨ ᠡᠳᠦᠷ ᠤᠨ 17᠄30 ᠴᠠᠭ ᠲᠤ    ᠬᠠᠷᠢᠯᠴᠠᠬᠤ ᠬᠥᠮᠦᠨ᠄ ᠵᠧᠩ ᠬᠤᠸᠠᠨ ᠶᠢᠦ    ᠬᠠᠷᠢᠯᠴᠠᠬᠤ ᠤᠲᠠᠰᠤ᠄ 0471 - 4821023    ᠢᠮᠧᠯ᠄ zzqkgjzcfg @ 163.com    ᠨᠠᠷᠢᠨ ᠪᠠᠶᠢᠳᠠᠯ ᠢ ᠳᠠᠷᠠᠭᠠᠬᠢ ᠬᠠᠶ᠋ᠢᠭ ᠢᠶᠠᠷ ᠤᠷᠤᠵᠤ ᠦᠵᠡᠭᠡᠷᠡᠢ᠄https://yjglt.nmg.gov.cn/yjt_index/tzgg/202408/t20240820_2560465.html 
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号