ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/8/22
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ                                         ᠥᠪᠥᠷ ᠵᠠᠰᠠᠭ ᠲᠠᠷᠬᠠᠭᠠᠭᠰᠠᠨ  ﹇2024 ﹈ 12 ᠳ᠋ᠤᠭᠠᠷ ᠲᠣᠭᠠᠲᠤ    ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠢ    ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ    ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃    2024 ᠣᠨ ᠤ 3 ᠳ᠋ᠤᠭᠠᠷ ᠰᠠᠷ᠎ᠠ ᠶᠢᠨ 5 ᠤ ᠡᠳᠦᠷ    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶                                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ                             ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ    ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ ︹2022 ︺ 14 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃    ᠨᠢᠭᠡ᠂ ᠶᠡᠷᠦᠩᠬᠡᠢ ᠱᠠᠭᠠᠷᠳᠠᠯᠭ᠎ᠠ    ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠬᠤᠷᠢᠶᠠᠨ ᠤ ᠨᠢᠭᠡᠳᠦᠭᠡᠷ᠂ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠪᠠᠷ ᠬᠥᠲᠥᠯᠥᠨ ᠳᠠᠭᠠᠭᠤᠯᠬᠤ᠂ ᠳ᠋ᠠᠶᠢᠲ᠋ᠠ ᠪᠠᠷ ᠬᠦᠴᠦᠨ ᠣᠯᠭᠤᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠯᠡᠬᠦ᠂ ᠲᠥᠷᠥᠯ ᠠᠩᠭᠢᠯᠠᠨ ᠬᠡᠷᠡᠭᠵᠢᠭᠦᠯᠬᠦ ᠶᠢ ᠪᠠᠷᠢᠮᠲᠠᠯᠠᠵᠤ᠂ ᠪᠦᠬᠦᠯᠢ ᠴᠣᠭᠴᠠ ᠪᠠᠷ ᠬᠠᠮᠵᠢᠯᠴᠠᠬᠤ᠂ ᠠᠮᠤᠷ ᠲᠦᠪᠰᠢᠨ ᠡᠵᠡᠮᠳᠡᠬᠦ᠋ᠢᠴᠡ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾᠂ ︽ᠨᠢᠭᠡ ᠰᠦᠯᠵᠢᠶ᠎ᠡ ᠪᠠᠷ ᠬᠠᠮᠵᠢᠯᠴᠠᠬᠤ︾᠂ ︽ᠨᠢᠭᠡ ᠤᠲᠠᠰᠤ ᠪᠠᠷ ᠨᠡᠪᠲᠡᠷᠡᠭᠦᠯᠬᠦ︾ ᠪᠠᠷ ᠬᠥᠲᠥᠯᠥᠮᠵᠢ ᠪᠣᠯᠭᠠᠵᠤ᠂ ᠳ᠋ᠢᠵᠢᠲ᠋ᠠᠯ ᠮᠡᠷᠭᠡᠵᠢᠯ ᠢ ᠵᠠᠰᠠᠭ ᠤᠨ ᠣᠷᠳᠣᠨ ᠤ ᠬᠠᠮᠢᠶᠠᠷᠤᠯᠲᠠ ᠦᠢᠯᠡᠴᠢᠯᠡᠭᠡᠨ ᠤ ᠡᠯ᠎ᠡ ᠵᠦᠢᠯ ᠤᠨ ᠠᠵᠢᠯ ᠳᠤ ᠥᠷᠭᠡᠨ ᠢᠶᠠᠷ ᠬᠡᠷᠡᠭᠯᠡᠵᠦ᠂ ᠵᠠᠰᠠᠭ ᠤᠨ ᠣᠷᠳᠣᠨ ᠤ ᠵᠠᠰᠠᠯᠲᠠ ᠶᠢᠨ ᠶᠠᠪᠤᠴᠠ ᠶᠢ ᠰᠢᠯᠢᠳᠡᠭᠵᠢᠭᠦᠯᠬᠦ᠂ ᠵᠠᠭᠪᠤᠷ ᠲᠤ ᠰᠢᠨ᠎ᠡ ᠶᠢ ᠡᠭᠦᠳᠬᠦ ᠪᠠ ᠡᠭᠦᠷᠭᠡ ᠲᠤᠰᠢᠶᠠᠯ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠵᠠᠰᠠᠭ ᠤᠨ ᠣᠷᠳᠣᠨ ᠤ ᠲᠣᠭᠠᠵᠢᠭᠤᠯᠤᠭᠰᠠᠨ᠂ ᠣᠶᠤᠨᠴᠢᠯᠠᠭᠰᠠᠨ ᠠᠵᠢᠯᠯᠠᠭᠠᠨ ᠤ ᠰᠢᠨ᠎ᠡ ᠬᠡᠯᠪᠡᠷᠢ ᠶᠢ ᠪᠣᠢ ᠪᠣᠯᠭᠠᠵᠤ᠂ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠳ᠋ᠢᠵᠢᠲ᠋ᠠᠯ ᠠᠵᠤ ᠠᠬᠤᠢ᠂ ᠳ᠋ᠢᠵᠢᠲ᠋ᠠᠯ ᠨᠡᠶᠢᠭᠡᠮ᠂ ᠳ᠋ᠢᠵᠢᠲ᠋ᠠᠯ ᠠᠮᠢ ᠠᠬᠤᠢ᠂ ᠳ᠋ᠢᠵᠢᠲ᠋ᠠᠯ ᠰᠣᠶᠣᠯ ᠢ ᠬᠥᠲᠥᠯᠥᠨ ᠳᠠᠭᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠵᠠᠰᠠᠯᠲᠠ ᠶᠢᠨ ᠲᠣᠭᠲᠠᠯᠴᠠᠭ᠎ᠠ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    ︵ᠬᠤᠶᠠᠷ︶ ᠶᠡᠷᠦᠩᠬᠡᠢ ᠬᠠᠷᠠᠯᠲᠠ᠃ 2025 ᠣᠨ ᠪᠣᠯᠬᠤ ᠳᠤ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠯᠤᠭ᠎ᠠ ᠵᠣᠬᠢᠴᠠᠯᠳᠤᠭᠰᠠᠨ ᠳ᠋ᠢᠵᠢᠲ᠋ᠠᠯ ᠵᠠᠰᠠᠭ ᠤᠨ ᠣᠷᠳᠣᠨ ᠤ ᠳᠦᠷᠢᠮ ᠲᠣᠭᠲᠠᠴᠠ ᠶᠢ ᠨᠠᠩ ᠪᠦᠷᠢᠨᠰᠢᠭᠦᠯᠵᠦ᠂ ᠵᠠᠰᠠᠭ ᠤᠨ ᠣᠷᠳᠣᠨ ᠤ ᠲᠣᠭᠠᠵᠢᠭᠤᠯᠤᠭᠰᠠᠨ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ᠂ ᠠᠮᠤᠷ ᠲᠦᠪᠰᠢᠨ ᠤ ᠪᠠᠲᠤᠯᠠᠭ᠎ᠠ᠂ ᠳᠦᠷᠢᠮ ᠲᠣᠭᠲᠠᠭᠠᠯ᠂ ᠳ᠋ᠠᠶᠢᠲ᠋ᠠ ᠶᠢᠨ ᠡᠬᠢ ᠪᠠᠶᠠᠯᠢᠭ᠂ ᠲᠠᠪᠴᠠᠩ ᠤᠨ ᠲᠤᠯᠭᠠᠭᠤᠷᠢᠯᠠᠯ ᠵᠡᠷᠭᠡ ᠳ᠋ᠢᠵᠢᠲ᠋ᠠᠯ ᠵᠠᠰᠠᠭ ᠤᠨ ᠣᠷᠳᠣᠨ ᠤ ᠰᠢᠰᠲ᠋ᠧᠮ ᠤᠨ ᠪᠣᠷᠣ ᠲᠥᠯᠥᠪ ᠢ ᠦᠨᠳᠦᠰᠦᠨ ᠳᠤ ᠪᠠᠨ ᠪᠦᠷᠢᠯᠳᠦᠭᠦᠯᠦᠨ᠎ᠡ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠲᠣᠭᠠᠵᠢᠭᠤᠯᠤᠭᠰᠠᠨ᠂ ᠣᠶᠤᠨᠴᠢᠯᠠᠭᠰᠠᠨ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ ᠰᠢᠨᠵᠢᠯᠡᠬᠦ ᠤᠬᠠᠭᠠᠨᠴᠢᠯᠠᠬᠤ᠂ ᠨᠡᠶᠢᠭᠡᠮ ᠤᠨ ᠵᠠᠰᠠᠯᠲᠠ ᠶᠢ ᠣᠨᠣᠴᠠᠲᠠᠢ ᠪᠣᠯᠭᠠᠬᠤ᠂ ᠣᠯᠠᠨ ᠨᠡᠶᠢᠲᠡ ᠶᠢᠨ ᠦᠢᠯᠡᠴᠢᠯᠡᠭᠡ ᠶᠢᠨ ᠲᠦᠭᠡᠮᠡᠯ ᠬᠠᠷᠠᠭᠠᠯᠵᠠᠬᠤ ᠠᠵᠢᠯ ᠢ ᠴᠢᠬᠤᠯᠠ ᠠᠬᠢᠴᠠ ᠲᠠᠢ ᠪᠣᠯᠭᠠᠵᠤ᠂ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢᠲᠦ ᠵᠠᠰᠠᠭ ᠤᠨ ᠣᠷᠳᠣᠨ ᠢ ᠪᠠᠶᠢᠭᠤᠯᠬᠤ ᠵᠡᠷᠭᠡ ᠲᠠᠯ᠎ᠠ ᠳᠠᠬᠢ ᠴᠢᠬᠤᠯᠠ ᠦᠢᠯᠡᠳᠦᠯ ᠢ ᠨᠢ ᠪᠠᠳᠠᠷᠠᠭᠤᠯᠤᠨ᠎ᠠ᠃    2035 ᠣᠨ ᠪᠣᠯᠬᠤ ᠳᠤ᠂ ᠵᠠᠰᠠᠭ ᠤᠨ ᠣᠷᠳᠣᠨ ᠤ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠯᠤᠭ᠎ᠠ ᠵᠣᠬᠢᠴᠠᠯᠳᠤᠭᠰᠠᠨ ᠳ᠋ᠢᠵᠢᠲ᠋ᠠᠯ ᠵᠠᠰᠠᠭ ᠤᠨ ᠣᠷᠳᠣᠨ ᠤ ᠲᠣᠭᠲᠠᠯᠴᠠᠭ᠎ᠠ ᠶᠢᠨ ᠪᠣᠷᠣ ᠲᠥᠯᠥᠪ ᠢ ᠨᠠᠩ ᠪᠣᠯᠪᠠᠰᠤᠷᠠᠩᠭᠤᠢ ᠪᠦᠷᠢᠨ ᠲᠡᠭᠦᠯᠳᠡᠷ ᠪᠣᠯᠭᠠᠵᠤ᠂ ᠪᠦᠬᠦᠯᠢ ᠴᠣᠭᠴᠠ ᠪᠠᠷ ᠬᠠᠮᠵᠢᠯᠴᠠᠭᠰᠠᠨ᠂ ᠱᠠᠯᠠᠮᠠᠭᠠᠢ ᠪᠥᠭᠡᠳ ᠥᠨᠳᠥᠷ ᠪᠦᠲᠦᠮᠵᠢᠲᠡᠶ᠂ ᠣᠶᠤᠨᠯᠢᠭ ᠪᠥᠭᠡᠳ ᠨᠠᠷᠢᠯᠢᠭ ᠣᠨᠣᠴᠠᠲᠠᠢ᠂ ᠴᠢᠯᠦᠭᠡᠲᠡᠢ ᠨᠡᠭᠡᠭᠡᠭᠰᠡᠨ ᠪᠥᠭᠡᠳ ᠢᠯᠡ ᠲᠣᠳᠣ᠂ ᠡᠷᠬᠡ ᠲᠡᠭᠰᠢ ᠪᠥᠭᠡᠳ ᠨᠡᠶᠢᠳᠡᠮ ᠳᠤ ᠬᠠᠷᠠᠭᠠᠯᠵᠠᠭᠰᠠᠨ ᠳ᠋ᠢᠵᠢᠲ᠋ᠠᠯ ᠵᠠᠰᠠᠭ ᠤᠨ ᠣᠷᠳᠣᠨ ᠢ ᠦᠨᠳᠦᠰᠦᠨ ᠳᠤ ᠪᠠᠨ ᠪᠠᠶᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢ ᠦᠨᠳᠦᠰᠦᠨ ᠳᠤ ᠪᠠᠨ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃    ᠨᠠᠷᠢᠨ ᠠᠭᠤᠯᠭ᠎ᠠ ᠶᠢ ᠲᠤᠰ ᠰᠦᠯᠵᠢᠶᠡᠨ ᠬᠠᠶ᠋ᠢᠭ  ᠢᠶᠠᠷ ᠤᠷᠥᠵᠦ ᠥᠵᠡᠭᠡᠷᠠᠢhttps://mgl.nmg.gov.cn/am/2024/8/19/U_76435_1020325.html?pid=13035
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号