ᠤᠯᠤᠰ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠥᠪᠯᠡᠯ ᠤᠨ ᠠᠯᠪᠠᠨ ᠬᠡᠷ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ 8 ᠰᠠᠷ᠎ᠠ ᠶᠢᠨ ᠪᠥᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠪᠠᠶᠢᠳᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2024/8/22
    ᠣᠶᠢᠷ᠎ᠠ ᠳᠤ᠂ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠥᠪᠯᠡᠯ ᠤᠨ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠥᠪᠳᠡᠯᠴᠡᠬᠦ ᠬᠤᠷᠠᠯ ᠬᠤᠷᠠᠯᠳᠤᠭᠤᠯᠵᠤ᠂ 2024 ᠣᠨ ᠤ 8 ᠰᠠᠷ᠎ᠠ ᠶᠢᠨ ᠪᠥᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠪᠠᠶᠢᠳᠠᠯ ᠢ ᠵᠥᠪᠳᠡᠯᠴᠡᠨ ᠰᠤᠳᠤᠯᠤᠨ ᠮᠠᠭᠠᠳᠯᠠᠪᠠ᠃    ᠶᠡᠷᠦᠩᠬᠡᠶᠢᠯᠡᠭᠰᠡᠨ ᠵᠠᠳᠠᠯᠤᠯᠲᠠ ᠠᠴᠠ ᠦᠵᠡᠪᠡᠯ᠂ 8 ᠰᠠᠷ᠎ᠠ ᠳᠤ᠂ ᠮᠠᠨ ᠤ ᠤᠯᠤᠰ ᠤᠨ ᠲᠤᠯᠤᠭᠠᠨ ᠶᠡᠭᠡ ᠭᠤᠤᠯ ᠮᠥᠷᠡᠨ ᠤ ᠰᠠᠪᠠ ᠭᠠᠵᠠᠷ ᠨᠢᠭᠡᠨᠲᠡ ᠦᠶᠡᠷ ᠤᠨ ᠭᠤᠤᠯ ᠬᠤᠭᠤᠴᠠᠭᠠᠨ ᠳᠤ ᠪᠥᠬᠦ ᠲᠠᠯ᠎ᠠ ᠪᠠᠷ ᠣᠷᠣᠵᠤ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠳᠣᠷᠣᠨᠠᠲᠤ ᠣᠷᠣᠨ᠂ ᠳᠤᠮᠳᠠᠳᠤ ᠣᠷᠣᠨ᠂ ᠡᠮᠦᠨᠡᠲᠦ ᠣᠷᠣᠨ᠂ ᠪᠠᠷᠠᠭᠤᠨ ᠡᠮᠦᠨᠡᠲᠦ ᠣᠷᠣᠨ᠂ ᠪᠠᠷᠠᠭᠤᠨ ᠬᠤᠶᠢᠲᠤ ᠣᠷᠣᠨ ᠵᠡᠷᠭᠡ ᠬᠡᠰᠡᠭ ᠭᠠᠵᠠᠷ ᠲᠤ ᠦᠶᠡᠷ ᠤᠰᠤᠲᠤᠯ ᠤᠨ ᠭᠠᠮᠰᠢᠭ ᠤᠨ ᠲᠦᠭᠰᠢᠭᠦᠷᠢ ᠣᠷᠣᠰᠢᠵᠤ ᠮᠡᠳᠡᠨ᠎ᠡ᠂ ᠬᠥᠬᠡᠮᠥ᠋ᠷᠡᠨ᠂ ᠬᠠᠲᠤᠨ ᠭᠤᠤᠯ᠂ ᠬᠠᠶ ᠾᠧ ᠭᠤᠤᠯ᠂ ᠰᠤᠩᠭᠠᠷᠢ ᠮᠥᠷᠡᠨ ᠯᠢᠶᠣᠤᠾᠧ ᠭᠤᠤᠯ ᠤᠨ ᠰᠠᠪᠠ ᠭᠠᠵᠠᠷ ᠤᠨ ᠬᠡᠰᠡᠭ ᠭᠤᠤᠯ ᠮᠥᠷᠡᠨ ᠳᠤ ᠰᠡᠷᠡᠮᠵᠢ ᠶᠢᠨ ᠱᠤᠭᠤᠮ ᠠᠴᠠ ᠳᠠᠪᠠᠭᠰᠠᠨ ᠦᠶᠡᠷ ᠭᠠᠷᠴᠤ ᠮᠡᠳᠡᠨ᠎ᠡ︔ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠤᠨ ᠲᠦᠢᠯᠰᠢᠷᠠᠬᠤ ᠴᠢᠨᠠᠷ ᠴᠢᠩᠭᠠᠷᠠᠵᠤ ᠂ ᠰᠠᠯᠬᠢ ᠮᠥᠨᠳᠥᠷ ᠤᠨ ᠭᠠᠮᠰᠢᠭ ᠣᠯᠠᠨ ᠭᠠᠷᠴᠤ ᠮᠡᠳᠡᠨ᠎ᠡ︔ 2-3 ᠲᠠᠶᠢᠹᠤᠩ ᠰᠠᠯᠬᠢ ᠮᠠᠨ ᠤ ᠤᠯᠤᠰ ᠤᠨ ᠡᠮᠦᠨᠡᠲᠦ ᠣᠷᠣᠨ ᠪᠠ ᠳᠣᠷᠣᠨᠠᠲᠤ ᠣᠷᠣᠨ ᠤ ᠲᠡᠯᠡᠶ ᠳᠠᠭᠠᠤ ᠣᠷᠣᠨ ᠢ ᠢᠯᠡᠳᠲᠡ ᠨᠥᠯᠥᠭᠡᠯᠡᠭᠰᠡᠨ ᠪᠠᠶᠢᠵᠤ ᠮᠡᠳᠡᠨ᠎ᠡ ︔ ᠵᠡᠭᠦᠨ ᠬᠤᠶᠢᠲᠤ ᠶᠢᠨ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ᠂ ᠰᠢᠨᠵᠢᠶᠠᠩ ᠤᠨ ᠬᠤᠶᠢᠲᠤ ᠬᠡᠰᠡᠭ ᠲᠤ ᠠᠶᠤᠩᠭ᠎ᠠ ᠨᠢᠷᠭᠡᠯᠲᠡ ᠶᠢᠨ ᠲᠦᠭᠰᠢᠭᠦᠷᠢ ᠣᠷᠣᠰᠢᠵᠤ ᠪᠠᠶᠢᠨ᠎ᠠ︔ ᠪᠠᠷᠠᠭᠤᠨ ᠬᠤᠶᠢᠲᠤ ᠣᠷᠣᠨ᠂ ᠳᠤᠮᠳᠠᠳᠤ ᠡᠮᠦᠨᠡᠲᠦ ᠣᠷᠣᠨ᠂ ᠪᠠᠷᠠᠭᠤᠨ ᠡᠮᠦᠨᠡᠲᠦ ᠣᠷᠣᠨ ᠵᠡᠷᠭᠡ ᠬᠡᠰᠡᠭ ᠭᠠᠵᠠᠷ ᠲᠤ ᠭᠠᠵᠠᠷ ᠤᠨ ᠭᠠᠮᠰᠢᠭ ᠤᠨ ᠠᠶᠤᠯ ᠲᠦᠭᠰᠢᠭᠦᠷᠢ ᠶᠡᠭᠡ ᠪᠠᠶᠢᠨ᠎ᠠ︔ ᠵᠢᠶᠠᠩᠨᠠᠨ᠂ ᠬᠥᠬᠡᠮᠥ᠋ᠷᠡᠨ ᠬᠤᠸᠠᠶᠢᠾᠧ ᠭᠤᠤᠯ᠂ ᠬᠠᠲᠤᠨ ᠭᠤᠤᠯ ᠬᠤᠸᠠᠶᠢᠾᠧ ᠭᠤᠤᠯ ᠤᠨ ᠬᠡᠰᠡᠭ ᠭᠠᠵᠠᠷ ᠤᠨ ᠥᠨᠳᠥᠷ ᠳᠤᠯᠠᠭᠠᠨ ᠭᠠᠩ ᠬᠠᠭᠰᠠᠷᠠᠭᠠᠨ ᠤ ᠠᠶᠤᠯ ᠲᠦᠭᠰᠢᠭᠦᠷᠢ ᠨᠡᠯᠢᠶᠡᠳ ᠶᠡᠭᠡ ᠪᠠᠶᠢᠨ᠎ᠠ᠃ ᠪᠣᠳᠠᠲᠠᠢ ᠪᠠᠷ ᠬᠡᠯᠡᠪᠡᠯ ᠳᠣᠣᠷᠠᠬᠢ ᠮᠡᠲᠦ᠄    ᠨᠢᠭᠡ ᠳᠤ᠂ ᠦᠶᠡᠷ ᠤᠰᠤᠲᠤᠯ ᠪᠠ ᠰᠠᠯᠬᠢ ᠮᠥᠨᠳᠥᠷ ᠤᠨ ᠭᠠᠮᠰᠢᠭ ᠤᠨ ᠠᠶᠤᠯ ᠲᠦᠭᠰᠢᠭᠦᠷᠢ᠃ ᠵᠢᠱᠢᠯᠲᠡ ᠪᠠᠷ 8 ᠳ᠋ᠤᠭᠠᠷ ᠰᠠᠷ᠎ᠠ ᠳᠤ᠂ ᠵᠡᠭᠦᠨ ᠬᠤᠶᠢᠲᠤ ᠣᠷᠣᠨ᠂ ᠥᠪᠥᠷ ᠮᠣᠩᠭᠤᠯ ᠤᠨ ᠳᠤᠮᠳᠠ ᠵᠡᠭᠦᠨ ᠬᠡᠰᠡᠭ᠂ ᠤᠮᠠᠷᠠᠲᠤ ᠣᠷᠣᠨ᠂ ᠤᠮᠠᠷᠠᠲᠤ ᠣᠷᠣᠨ ᠤ ᠵᠡᠭᠦᠨ ᠬᠤᠶᠢᠲᠤ ᠬᠡᠰᠡᠭ᠂ ᠳᠤᠮᠳᠠᠳᠤ ᠣᠷᠣᠨ ᠤ ᠬᠤᠶᠢᠲᠤ ᠬᠡᠰᠡᠭ᠂ ᠡᠮᠦᠨᠡᠲᠦ ᠣᠷᠣᠨ ᠤ ᠡᠮᠦᠨᠡᠲᠦ ᠬᠡᠰᠡᠭ᠂ ᠪᠠᠷᠠᠭᠤᠨ ᠡᠮᠦᠨᠡᠲᠦ ᠣᠷᠣᠨ ᠤ ᠡᠮᠦᠨᠡᠲᠦ ᠬᠡᠰᠡᠭ᠂ ᠪᠠᠷᠠᠭᠤᠨ ᠬᠤᠶᠢᠲᠤ ᠣᠷᠣᠨ ᠤ ᠵᠡᠭᠦᠨ ᠬᠡᠰᠡᠭ᠂ ᠰᠢᠨᠵᠢᠶᠠᠩ ᠤᠨ ᠬᠤᠶᠢᠲᠤ ᠬᠡᠰᠡᠭ ᠵᠡᠷᠭᠡ ᠭᠠᠵᠠᠷ ᠣᠷᠣᠨ ᠤ ᠲᠤᠨᠳᠠᠰᠤ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠢᠯᠡᠭᠦᠦ ᠰᠢᠭ ᠪᠠᠶᠢᠵᠤ᠂ ᠡᠭᠦᠨ ᠳᠤ ᠬᠠᠷᠠᠮᠥ᠋ᠷᠡᠨ᠂ ᠭᠢᠷᠢᠨ᠂ ᠯᠢᠶᠣᠤᠨᠢᠩ᠂ ᠶᠦᠨᠨᠠᠨ᠂ ᠰᠢᠨᠵᠢᠶᠠᠩ ᠤᠨ ᠬᠤᠶᠢᠲᠤ ᠬᠡᠰᠡᠭ ᠵᠡᠷᠭᠡ ᠭᠠᠵᠠᠷ ᠣᠷᠣᠨ ᠤ ᠬᠤᠷ᠎ᠠ  ᠲᠤᠨᠳᠠᠰᠤ ᠶᠢᠨ ᠬᠡᠮᠵᠢᠶ᠎ᠡ 2-5 ᠬᠤᠪᠢ ᠢᠯᠡᠭᠦᠦ ᠪᠠᠶᠢᠵᠤ᠂ ᠬᠡᠰᠡᠭ ᠭᠠᠵᠠᠷ ᠣᠷᠣᠨ ᠤ ᠦᠶᠡᠷ ᠤᠰᠤᠲᠤᠯ ᠤᠨ ᠭᠠᠮᠰᠢᠭ ᠤᠨ ᠲᠦᠭᠰᠢᠭᠦᠷᠢ ᠶᠡᠭᠡ ᠪᠠᠶᠢᠵᠤ᠂ ᠡᠭᠦᠨ ᠤ ᠬᠠᠮᠲᠤ ᠣᠬᠤᠷᠬᠠᠨ ᠬᠤᠭᠤᠴᠠᠭᠠᠨ ᠤ ᠰᠢᠷᠦᠭᠦᠨ ᠪᠣᠷᠣᠭᠠᠨ ᠵᠢᠴᠢ ᠠᠶᠤᠩᠭᠠᠲᠤ ᠪᠣᠷᠣᠭᠠᠨ᠂ ᠶᠡᠭᠡ ᠰᠠᠯᠬᠢ ᠵᠡᠷᠭᠡ ᠬᠦᠴᠦᠲᠡᠶ ᠰᠣᠯᠢᠭ ᠤᠷᠤᠰᠬᠠᠯᠲᠤ ᠴᠠᠭ ᠠᠭᠤᠷ ᠠᠮᠠᠷᠬᠠᠨ ᠡᠭᠦᠰᠴᠦ᠂ ᠰᠠᠯᠬᠢ ᠮᠥᠨᠳᠥᠷ ᠤᠨ ᠭᠠᠮᠰᠢᠭ᠃ ᠬᠥᠬᠡ ᠮᠥᠷᠡᠨ ᠤ ᠰᠠᠪᠠ ᠭᠠᠵᠠᠷ ᠤᠨ ᠵᠢᠶᠠ ᠯᠢᠩ ᠵᠢᠶᠠᠩ ᠮᠥᠷᠡᠨ᠂ ᠬᠠᠨ ᠵᠢᠶᠠᠩ ᠮᠥᠷᠡᠨ᠂ ᠯᠠᠨᠼᠠᠩ ᠵᠢᠶᠠᠩ ᠮᠥᠷᠡᠨ᠂ ᠬᠠᠲᠤᠨ ᠭᠤᠣᠯ ᠤᠨ ᠳᠤᠮᠳᠠᠳᠤ ᠳᠣᠣᠷᠠᠳᠤ ᠤᠷᠤᠰᠬᠠᠯ᠂ ᠬᠠᠶᠢᠾᠤ ᠭᠤᠣᠯ ᠤᠨ ᠰᠠᠪᠠ ᠭᠠᠵᠠᠷ ᠤᠨ ᠤᠮᠠᠷᠠᠲᠤ ᠭᠤᠷᠪᠠᠨ ᠭᠤᠣᠯ᠂ ᠰᠤᠩᠭᠠᠷᠢ ᠮᠥᠷᠡᠨ ᠯᠢᠶᠣᠤ ᠾᠧ ᠭᠤᠣᠯ᠂ ᠰᠤᠩᠭᠠᠷᠢ ᠮᠥᠷᠡᠨ ᠵᠡᠷᠭᠡ ᠬᠡᠰᠡᠭ ᠭᠤᠣᠯ ᠮᠥᠷᠡᠨ ᠳᠤ ᠰᠡᠷᠡᠮᠵᠢ ᠶᠢᠨ ᠱᠤᠭᠤᠮ ᠠᠴᠠ ᠳᠡᠭᠡᠭᠰᠢ ᠦᠶᠡᠷ ᠭᠠᠷᠴᠤ ᠮᠡᠳᠡᠨ᠎ᠡ᠃ ᠭᠤᠸᠠᠩᠳᠦ᠋ᠩ᠂ ᠹᠦᠵᠢᠶᠠᠨ᠂ ᠬᠠᠶᠢᠨᠠᠨ᠂ ᠶᠦᠨᠨᠠᠨ ᠵᠡᠷᠭᠡ ᠭᠠᠵᠠᠷ ᠤᠨ ᠳᠤᠮᠳᠠ ᠪᠠᠭ᠎ᠠ ᠭᠤᠤᠯ ᠮᠥᠷᠡᠨ ᠳᠤ ᠰᠡᠷᠡᠮᠵᠢ ᠶᠢᠨ ᠱᠤᠭᠤᠮ ᠠᠴᠠ ᠳᠠᠪᠠᠭᠰᠠᠨ ᠦᠶᠡᠷ ᠭᠠᠷᠴᠤ ᠮᠡᠳᠡᠨ᠎ᠡ᠃ ᠥᠨᠳᠥᠷ ᠬᠠᠯᠠᠭᠤᠨ ᠴᠠᠰᠤ ᠪᠠ ᠪᠣᠷᠣᠭᠠᠨ ᠤ ᠨᠥᠯᠥᠭᠡ ᠪᠠᠷ᠂ ᠰᠢᠨᠵᠢᠶᠠᠩ ᠤᠨ ᠬᠡᠰᠡᠭ ᠭᠤᠤᠯ ᠮᠥᠷᠡᠨ ᠰᠡᠷᠡᠮᠵᠢ ᠶᠢᠨ ᠱᠤᠭᠤᠮ ᠠᠴᠠ ᠳᠠᠪᠠᠭᠰᠠᠨ ᠦᠶᠡᠷ ᠭᠠᠷᠴᠤ ᠮᠡᠳᠡᠨ᠎ᠡ᠃    ᠬᠤᠶᠠᠷ ᠲᠤ᠂ ᠲᠠᠶᠢᠹᠧᠩ ᠰᠠᠯᠬᠢᠨ ᠤ ᠭᠠᠮᠰᠢᠭ ᠤᠨ ᠲᠦᠭᠰᠢᠭᠦᠷᠢ᠃ ᠵᠢᠱᠢᠯᠲᠡ ᠪᠠᠷ 8 ᠰᠠᠷ᠎ᠠ ᠳᠤ᠂ ᠪᠠᠷᠠᠭᠤᠨ ᠬᠤᠶᠢᠲᠤ ᠶᠢᠨ ᠨᠣᠮᠣᠬᠠᠨ ᠲᠡᠯᠡᠶ ᠪᠠ ᠡᠮᠦᠨᠡᠲᠦ ᠲᠠᠩᠭᠢᠰ ᠤᠨ ᠲᠡᠯᠡᠶ ᠶᠢᠨ ᠣᠷᠣᠨ ᠳᠤ 3-4 ᠲᠠᠶᠢᠹᠧᠩ ᠰᠠᠯᠬᠢ ᠡᠭᠦᠰᠴᠦ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠪᠠᠭ᠎ᠠ ᠪᠠᠶᠢᠵᠤ ᠮᠡᠳᠡᠨ᠎ᠡ᠂ ᠡᠭᠦᠨ ᠳᠤ 2-3 ᠲᠠᠶᠢᠹᠧᠩ ᠰᠠᠯᠬᠢ ᠨᠢ ᠮᠠᠨ ᠤ ᠤᠯᠤᠰ ᠤᠨ ᠲᠡᠯᠡᠶ ᠳᠠᠭᠠᠤ ᠭᠠᠵᠠᠷ ᠣᠷᠣᠨ ᠢ ᠨᠥᠯᠥᠭᠡᠯᠡᠬᠦ ᠪᠤᠶᠤ ᠨᠥᠯᠥᠭᠡᠯᠡᠵᠦ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠲᠠᠢ ᠣᠶᠢᠷᠠᠳᠴᠤ᠂ ᠲᠠᠶᠢᠹᠧᠩ ᠰᠠᠯᠬᠢ ᠨᠢ ᠪᠠᠷᠠᠭᠤᠨ ᠬᠤᠶᠢᠲᠤ ᠣᠷᠣᠨ ᠳᠤ ᠶᠠᠪᠤᠬᠤ ᠵᠠᠮ ᠢᠶᠠᠷ ᠭᠤᠤᠯᠯᠠᠵᠤ᠂ ᠭᠤᠤᠯᠳᠠᠭᠤ ᠡᠮᠦᠨᠡᠲᠦ ᠣᠷᠣᠨ᠂ ᠳᠣᠷᠣᠨᠠᠲᠤ ᠣᠷᠣᠨ ᠤ ᠲᠡᠯᠡᠶ ᠳᠠᠭᠠᠤ ᠶᠢ ᠨᠥᠯᠥᠭᠡᠯᠡᠵᠦ᠂ ᠲᠠᠶᠢᠹᠧᠩ ᠰᠠᠯᠬᠢ ᠤᠮᠠᠷᠠᠰᠢ ᠬᠥᠬᠡ ᠮᠥᠷᠡᠨ ᠠᠴᠠ ᠤᠮᠠᠷᠠᠰᠢ ᠭᠠᠵᠠᠷ ᠣᠷᠣᠨ ᠢ ᠨᠥᠯᠥᠭᠡᠯᠡᠵᠦ ᠮᠡᠳᠡᠨ᠎ᠡ᠃ ᠮᠠᠨ ᠤ ᠤᠯᠤᠰ ᠤᠨ ᠲᠡᠯᠡᠶ ᠳᠠᠭᠠᠤ ᠣᠷᠣᠨ ᠳᠤ 1-2 ᠤᠳᠠᠭ᠎ᠠ ᠭᠠᠮᠰᠢᠭᠲᠤ ᠲᠠᠶᠢᠹᠤᠩ ᠰᠠᠯᠬᠢᠨ ᠤ ᠳᠣᠭᠰᠢᠨ ᠲᠦᠯᠬᠢᠭᠡᠨ ᠡᠭᠦᠰᠴᠦ᠂ ᠡᠩ ᠤᠨ ᠵᠢᠯ ᠤᠨ ᠠᠳᠠᠯᠢ ᠬᠤᠭᠤᠴᠠᠭᠠᠨ ᠳᠤ 1 ᠤᠳᠠᠭ᠎ᠠ ᠭᠠᠮᠰᠢᠭᠲᠤ ᠰᠡᠷᠢᠭᠦᠨ ᠪᠦᠰᠡᠨ ᠤ ᠳᠣᠭᠰᠢᠨ ᠰᠠᠯᠬᠢᠨ ᠤ ᠲᠦᠯᠬᠢᠭᠡᠨ ᠡᠭᠦᠰᠴᠦ᠂ 3-4 ᠤᠳᠠᠭ᠎ᠠ ᠭᠠᠮᠰᠢᠭᠲᠤ ᠲᠡᠯᠡᠶ ᠶᠢᠨ ᠳᠠᠪᠠᠯᠭᠠᠨ ᠡᠭᠦᠰᠴᠦ ᠮᠡᠳᠡᠨ᠎ᠡ᠃    ᠭᠤᠷᠪᠠ ᠳᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠦᠭᠰᠢᠭᠦᠷᠢ᠃ 8 ᠰᠠᠷ᠎ᠠ ᠳᠤ᠂ ᠵᠡᠭᠦᠨ ᠬᠤᠶᠢᠲᠤ ᠶᠢᠨ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ᠂ ᠰᠢᠨᠵᠢᠶᠠᠩ ᠤᠨ ᠬᠤᠶᠢᠲᠤ ᠬᠡᠰᠡᠭ ᠲᠤ ᠮᠥᠨ ᠠᠶᠤᠩᠭ᠎ᠠ ᠴᠠᠬᠢᠯᠭᠠᠨ ᠤ ᠠᠵᠢᠯᠯᠠᠭ᠎ᠠ ᠥᠷᠨᠢᠵᠦ᠂ ᠣᠶ ᠰᠢᠭᠤᠶ ᠶᠢᠨ ᠠᠶᠤᠩᠭ᠎ᠠ ᠴᠠᠬᠢᠯᠭᠠᠨ ᠳᠤ ᠳᠠᠭᠠᠷᠢᠭᠳᠠᠬᠤ ᠠᠶᠤᠯ ᠲᠦᠭᠰᠢᠭᠦᠷᠢ ᠶᠢ ᠪᠦᠷᠢᠮᠦᠰᠦᠨ ᠠᠷᠢᠯᠭᠠᠭᠰᠠᠨ ᠥᠬᠡᠶ︔ ᠡᠭᠦᠨ ᠤ ᠬᠠᠮᠲᠤ᠂ ᠵᠢᠭᠤᠯᠴᠢᠯᠠᠬᠤ᠂ ᠲᠡᠭᠦᠬᠦ᠂ ᠪᠠᠷᠢᠯᠭ᠎ᠠ ᠪᠠᠷᠢᠬᠤ ᠵᠡᠷᠭᠡ ᠭᠤᠷᠪᠠᠨ ᠲᠠᠯ᠎ᠠ ᠶᠢᠨ ᠵᠣᠷᠢᠭᠤᠳᠠ ᠶᠢᠨ ᠭᠠᠯ ᠤᠨ ᠠᠶᠤᠯ ᠳᠠᠪᠬᠤᠴᠠᠵᠤ ᠪᠠᠶᠢᠨ᠎ᠠ᠃ ᠡᠭᠦᠨ ᠠᠴᠠ ᠭᠠᠳᠠᠨ᠎ᠠ᠂ ᠠᠨᠾᠦᠶ ᠶᠢᠨ ᠡᠮᠦᠨᠡᠲᠦ ᠬᠡᠰᠡᠭ᠂ ᠵᠧᠵᠢᠶᠠᠩ᠂ ᠹᠦᠵᠢᠶᠠᠨ ᠤ ᠬᠤᠶᠢᠲᠤ ᠬᠡᠰᠡᠭ᠂ ᠵᠢᠶᠠᠩᠰᠢ ᠶᠢᠨ ᠬᠤᠶᠢᠲᠤ ᠬᠡᠰᠡᠭ᠂ ᠬᠤᠨᠠᠨ ᠤ ᠵᠡᠭᠦᠨ ᠬᠤᠶᠢᠲᠤ ᠬᠡᠰᠡᠭ᠂ ᠴᠦᠩᠴᠢᠩ ᠤᠨ ᠪᠠᠷᠠᠭᠤᠨ ᠬᠡᠰᠡᠭ ᠵᠡᠷᠭᠡ ᠭᠠᠵᠠᠷ ᠣᠷᠣᠨ ᠳᠤ ᠱᠠᠲᠤ ᠦᠶᠡᠴᠢ ᠴᠢᠨᠠᠷᠲᠠᠶ ᠥᠨᠳᠥᠷ ᠳᠤᠯᠠᠭᠠᠨ ᠪᠠᠭ᠎ᠠ ᠪᠣᠷᠣᠭᠠᠨ ᠲᠠᠢ ᠴᠠᠭ ᠬᠤᠭᠤᠴᠠᠭ᠎ᠠ ᠪᠠᠶᠢᠵᠤ ᠮᠡᠳᠡᠨ᠎ᠡ᠂ ᠡᠭᠦᠨ ᠳᠤ ᠡᠮᠦᠨ᠎ᠡ ᠬᠤᠭᠤᠴᠠᠭᠠᠨ ᠤ ᠬᠤᠷ᠎ᠠ ᠲᠤᠨᠳᠠᠰᠤ ᠪᠠᠭ᠎ᠠ ᠭᠠᠵᠠᠷ ᠣᠷᠣᠨ ᠢ ᠨᠢᠭᠲᠠ ᠠᠩᠬᠠᠷᠴᠤ᠂ ᠲᠦᠢᠯ ᠤᠨ ᠥᠨᠳᠥᠷ ᠳᠤᠯᠠᠭᠠᠨ ᠪᠠ ᠭᠠᠩ ᠬᠠᠭᠰᠠᠷᠠᠭᠠᠨ ᠠᠴᠠ ᠪᠣᠯᠤᠭᠰᠠᠨ ᠭᠠᠯ ᠤᠨ ᠠᠶᠤᠯ ᠤᠨ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ᠃    ᠳᠥᠷᠪᠡ ᠳᠤ᠂ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠠᠶᠤᠯ ᠲᠦᠭᠰᠢᠭᠦᠷᠢ᠃ ᠰᠢᠷᠦᠭᠦᠨ ᠪᠣᠷᠣᠭᠠᠨ ᠵᠡᠷᠭᠡ ᠬᠦᠴᠦᠨ ᠵᠦᠶ᠋ᠯ ᠤᠨ ᠨᠥᠯᠥᠭᠡ ᠠᠴᠠ ᠪᠣᠯᠵᠣ᠂ ᠪᠡᠭᠡᠵᠢᠩ᠂ ᠾᠧᠪᠧᠶ᠂ ᠱᠠᠨ ᠰᠢ᠂ ᠯᠢᠶᠣᠤᠨᠢᠩ᠂ ᠭᠢᠷᠢᠨ᠂ ᠬᠠᠷᠠᠮᠥ᠋ᠷᠡᠨ᠂ ᠵᠧᠵᠢᠶᠠᠩ᠂ ᠠᠨᠾᠦ᠋ᠢ᠂ ᠹᠦᠵᠢᠶᠠᠨ᠂ ᠱᠠᠨᠳᠦ᠋ᠩ᠂ ᠾᠧᠨᠠᠨ᠂ ᠬᠤᠪᠧᠶ᠂ ᠬᠤᠨᠠᠨ᠂ ᠭᠤᠸᠠᠩᠳᠦ᠋ᠩ᠂ ᠭᠤᠸᠠᠩᠰᠢ᠂ ᠬᠠᠶᠢᠨᠠᠨ᠂ ᠴᠦᠩᠴᠢᠩ᠂ ᠰᠤᠴᠤᠸᠠᠨ᠂ ᠭᠦᠶ᠋ᠵᠧᠤ᠂ ᠶᠦᠨᠨᠠᠨ᠂ ᠲᠥᠪᠡᠳ᠂ ᠱᠠᠨᠰᠢ᠂ ᠭᠠᠨᠰᠦ᠂ ᠬᠥᠬᠡᠨᠠᠭᠤᠷ᠂ ᠰᠢᠨᠵᠢᠶᠠᠩ ᠵᠡᠷᠭᠡ ᠬᠡᠰᠡᠭ ᠭᠠᠵᠠᠷ ᠲᠤ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠠᠶᠤᠯ ᠲᠦᠭᠰᠢᠭᠦᠷᠢ ᠨᠡᠯᠢᠶᠡᠳ ᠶᠡᠭᠡ ᠪᠠᠶᠢᠨ᠎ᠠ᠂ ᠡᠭᠦᠨ ᠳᠤ ᠬᠤᠪᠧᠶ ᠶᠢᠨ ᠳᠤᠮᠳᠠ ᠪᠠ ᠪᠠᠷᠠᠭᠤᠨ ᠬᠡᠰᠡᠭ᠂ ᠴᠦᠩᠴᠢᠩ ᠤᠨ ᠵᠡᠭᠦᠨ ᠬᠡᠰᠡᠭ᠂ ᠰᠤᠴᠤᠸᠠᠨ ᠤ ᠬᠤᠶᠢᠲᠤ ᠬᠡᠰᠡᠭ ᠪᠠ ᠪᠠᠷᠠᠭᠤᠨ ᠬᠡᠰᠡᠭ᠂ ᠶᠦᠨᠨᠠᠨ ᠤ ᠪᠠᠷᠠᠭᠤᠨ ᠬᠡᠰᠡᠭ ᠪᠠ ᠡᠮᠦᠨᠡᠲᠦ ᠬᠡᠰᠡᠭ᠂ ᠱᠠᠨᠰᠢ ᠶᠢᠨ ᠪᠠᠷᠠᠭᠤᠨ ᠡᠮᠦᠨᠡᠲᠦ ᠬᠡᠰᠡᠭ ᠤᠨ ᠭᠠᠵᠠᠷ ᠰᠢᠨᠵᠢᠯᠡᠭᠡᠨ ᠤ ᠠᠶᠤᠯ ᠲᠦᠭᠰᠢᠭᠦᠷᠢ ᠶᠡᠭᠡ ᠪᠠᠶᠢᠵᠤ᠂ ᠭᠠᠨᠰᠦ ᠶᠢᠨ ᠵᠡᠭᠦᠨ ᠡᠮᠦᠨᠡᠲᠦ ᠬᠡᠰᠡᠭ ᠤᠨ ᠭᠠᠵᠠᠷ ᠰᠢᠨᠵᠢᠯᠡᠭᠡᠨ ᠤ ᠠᠶᠤᠯ ᠲᠦᠭᠰᠢᠭᠦᠷᠢ᠃    ᠲᠠᠪᠤ ᠳᠤ᠂ ᠥᠨᠳᠥᠷ ᠳᠤᠯᠠᠭᠠᠨ ᠭᠠᠩ ᠬᠠᠭᠰᠠᠷᠠᠭᠠᠨ ᠤ ᠠᠶᠤᠯ ᠲᠦᠭᠰᠢᠭᠦᠷᠢ᠃ ᠵᠢᠱᠢᠯᠲᠡ ᠪᠠᠷ 8 ᠰᠠᠷ᠎ᠠ ᠳᠤ᠂ ᠪᠥᠬᠦ ᠤᠯᠤᠰ ᠤᠨ ᠶᠡᠬᠡᠩᠬᠢ ᠭᠠᠵᠠᠷ ᠣᠷᠣᠨ ᠤ ᠠᠭᠠᠷ ᠤᠨ ᠳᠤᠯᠠᠭᠠᠨ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠥᠨᠳᠥᠷ ᠰᠢᠭ ᠪᠣᠯᠤᠨ᠎ᠠ᠂ ᠡᠭᠦᠨ ᠳᠤ ᠵᠢᠶᠠᠩᠰᠦ ᠶᠢᠨ ᠡᠮᠦᠨᠡᠲᠦ ᠬᠡᠰᠡᠭ᠂ ᠱᠠᠩᠬᠠᠶ᠂ ᠠᠨᠾᠦ᠋ᠢ ᠶᠢᠨ ᠡᠮᠦᠨᠡᠲᠦ ᠬᠡᠰᠡᠭ᠂ ᠵᠧᠵᠢᠶᠠᠩ᠂ ᠹᠦᠵᠢᠶᠠᠨ ᠤ ᠶᠡᠬᠡᠩᠬᠢ ᠬᠡᠰᠡᠭ᠂ ᠵᠢᠶᠠᠩᠰᠢ᠂ ᠬᠤᠪᠸᠢ ᠶᠢᠨ ᠵᠡᠭᠦᠨ ᠡᠮᠦᠨᠡᠲᠦ ᠬᠡᠰᠡᠭ᠂ ᠬᠤᠨᠠᠨ ᠤ ᠶᠡᠬᠡᠩᠬᠢ ᠬᠡᠰᠡᠭ᠂ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ᠂ ᠱᠠᠨᠰᠢ ᠶᠢᠨ ᠬᠤᠶᠢᠲᠤ ᠬᠡᠰᠡᠭ᠂ ᠭᠠᠨᠰᠦ ᠶᠢᠨ ᠶᠡᠬᠡᠩᠬᠢ ᠬᠡᠰᠡᠭ᠂ ᠨᠢᠩᠰᠢᠶᠠ᠂ ᠬᠥᠬᠡᠨᠠᠭᠤᠷ ᠤᠨ ᠬᠤᠶᠢᠲᠤ ᠬᠡᠰᠡᠭ᠂ ᠴᠦᠩᠴᠢᠩ ᠤᠨ ᠪᠠᠷᠠᠭᠤᠨ ᠬᠡᠰᠡᠭ᠂ ᠰᠤᠴᠤᠸᠠᠨ ᠤ ᠶᠡᠬᠡᠩᠬᠢ ᠬᠡᠰᠡᠭ᠂ ᠲᠥᠪᠡᠳ ᠤᠨ ᠶᠡᠬᠡᠩᠬᠢ ᠬᠡᠰᠡᠭ ᠵᠡᠷᠭᠡ ᠭᠠᠵᠠᠷ 1-2 °C ᠥᠨᠳᠥᠷ ᠪᠠᠶᠢᠨ᠎ᠠ᠃ ᠠᠨᠾᠦ᠋ᠢ ᠶᠢᠨ ᠡᠮᠦᠨᠡᠲᠦ ᠬᠡᠰᠡᠭ᠂ ᠱᠠᠩᠬᠠᠶ᠂ ᠵᠧᠵᠢᠶᠠᠩ᠂ ᠹᠦᠵᠢᠶᠠᠨ ᠤ ᠬᠤᠶᠢᠲᠤ ᠬᠡᠰᠡᠭ᠂ ᠵᠢᠶᠠᠩᠰᠢ ᠶᠢᠨ ᠬᠤᠶᠢᠲᠤ ᠬᠡᠰᠡᠭ᠂ ᠬᠤᠨᠠᠨ ᠤ ᠵᠡᠭᠦᠨ ᠬᠤᠶᠢᠲᠤ ᠬᠡᠰᠡᠭ᠂ ᠬᠤᠪᠸᠢ ᠶᠢᠨ ᠵᠡᠭᠦᠨ ᠡᠮᠦᠨᠡᠲᠦ ᠬᠡᠰᠡᠭ᠂ ᠲᠥᠪᠡᠳ ᠤᠨ ᠪᠠᠷᠠᠭᠤᠨ ᠬᠡᠰᠡᠭ ᠵᠡᠷᠭᠡ ᠭᠠᠵᠠᠷ ᠤᠨ ᠲᠤᠨᠳᠠᠰᠤᠨ ᠤ ᠬᠡᠮᠵᠢᠶ᠎ᠡ 2-5 ᠬᠤᠪᠢ ᠪᠠᠭᠠᠰᠴᠠᠶ᠃ ᠣᠳᠣᠬᠠᠨ ᠳᠤ ᠶᠠᠭ ᠰᠠᠶᠢᠬᠠᠨ ᠵᠣᠨ ᠤ ᠡᠬᠢ ᠪᠠᠶᠠᠯᠢᠭ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠵᠠᠩᠭᠢᠯᠠᠭ᠎ᠠ ᠶᠢᠨ ᠬᠤᠭᠤᠴᠠᠭ᠎ᠠ ᠪᠣᠯᠵᠣ᠂ ᠠᠮᠤᠷ ᠲᠦᠪᠰᠢᠨ ᠤ ᠬᠠᠩᠭᠠᠯᠭ᠎ᠠ ᠶᠢ ᠪᠠᠲᠤᠯᠠᠬᠤ ᠳᠠᠷᠤᠯᠲᠠ ᠶᠡᠭᠡ ᠪᠠᠶᠢᠨ᠎ᠠ᠂ ᠡᠶᠢᠮᠦ ᠠᠴᠠ ᠴᠠᠬᠢᠯᠭᠠᠨ ᠬᠠᠩᠭᠠᠬᠤ ᠪᠠᠲᠤᠯᠠᠭ᠎ᠠ ᠶᠢ ᠴᠢᠩᠭᠠᠳᠬᠠᠵᠤ᠂ ᠥᠨᠳᠥᠷ ᠳᠤᠯᠠᠭᠠᠨ ᠭᠠᠩ ᠬᠠᠭᠤᠷᠠᠶ ᠶᠢᠨ ᠬᠡᠷ ᠤᠨ ᠭᠠᠳᠠᠨᠠᠬᠢ ᠠᠵᠢᠯ ᠵᠢᠴᠢ ᠬᠥᠮᠦᠨ ᠤ ᠪᠡᠶ᠎ᠡ ᠶᠢᠨ ᠡᠷᠡᠭᠦᠯ ᠮᠡᠨᠳᠦ ᠵᠡᠷᠭᠡ ᠳᠤ ᠦᠵᠡᠭᠦᠯᠬᠦ ᠠᠰᠢᠭ ᠥᠬᠡᠶ ᠨᠥᠯᠥᠭᠡ ᠶᠢ ᠠᠩᠬᠠᠷᠬᠤ ᠴᠢᠬᠤᠯᠠᠲᠠᠶ ᠪᠠᠶᠢᠨ᠎ᠠ᠃    ᠵᠢᠷᠭᠤᠭ᠎ᠠ ᠳᠤ ᠲᠠᠷᠢᠶᠠᠯᠠᠩ ᠤᠨ ᠭᠠᠢ ᠭᠠᠮᠰᠢᠭ ᠤᠨ ᠠᠶᠤᠯ ᠲᠦᠭᠰᠢᠭᠦᠷᠢ᠃ ᠵᠢᠱᠢᠯᠲᠡ ᠪᠠᠷ 8 ᠰᠠᠷ᠎ᠠ ᠳᠤ᠂ ᠵᠡᠭᠦᠨ ᠬᠤᠶᠢᠲᠤ ᠣᠷᠣᠨ ᠳᠤ ᠬᠤᠷ᠎ᠠ ᠲᠤᠨᠳᠠᠰᠤ 2-5 ᠬᠤᠪᠢ ᠢᠯᠡᠭᠦᠦ ᠰᠢᠭ ᠪᠠᠶᠢᠵᠤ᠂ ᠦᠶᠡᠷ ᠤᠰᠤᠲᠤᠯ ᠤᠨ ᠭᠠᠮᠰᠢᠭ ᠤᠨ ᠲᠠᠷᠢᠶᠠᠯᠠᠩ ᠳᠤ ᠦᠵᠡᠭᠦᠯᠬᠦ ᠠᠰᠢᠭ ᠥᠬᠡᠶ ᠨᠥᠯᠥᠭᠡ ᠶᠢ ᠰᠡᠷᠭᠡᠶᠢᠯᠡᠬᠦ ᠴᠢᠬᠤᠯᠠᠲᠠᠶ᠂ ᠱᠠᠲᠤ ᠦᠶ᠎ᠡ ᠶᠢᠨ ᠴᠢᠨᠠᠷᠲᠠᠶ ᠪᠦᠷᠬᠦᠭ ᠪᠣᠷᠣᠭᠠᠨ ᠣᠷᠣᠵᠤ᠂ ᠴᠠᠭ ᠠᠭᠤᠷ ᠲᠤ ᠵᠣᠬᠢᠴᠠᠬᠤ ᠥᠬᠡᠶ ᠪᠠᠶᠢᠬᠤ ᠨᠢ ᠴᠦ ᠲᠠᠷᠢᠮᠠᠯ ᠳᠤ ᠲᠣᠭᠤᠰᠣ ᠬᠦᠷᠲᠡᠭᠡᠵᠦ ᠵᠢᠮᠢᠰ ᠰᠠᠭᠤᠬᠤ ᠳᠤ ᠠᠰᠢᠭ ᠥᠬᠡᠶ ᠪᠠᠶᠢᠵᠤ ᠮᠡᠳᠡᠨ᠎ᠡ︔ ᠬᠥᠬᠡ ᠮᠥᠷᠡᠨ ᠬᠤᠸᠠᠶᠢᠾᠧ ᠭᠤᠤᠯ ᠤᠨ ᠶᠡᠬᠡᠩᠬᠢ ᠬᠡᠰᠡᠭ᠂ ᠵᠢᠶᠠᠩᠨᠠᠨ ᠤ ᠶᠡᠬᠡᠩᠬᠢ ᠬᠡᠰᠡᠭ ᠤᠨ ᠠᠭᠠᠷ ᠤᠨ ᠳᠤᠯᠠᠭᠠᠨ ᠨᠢ ᠬᠡᠪ ᠤᠨ ᠪᠠᠶᠢᠳᠠᠯ ᠢᠶᠠᠷ ᠥᠨᠳᠥᠷ ᠰᠢᠭ᠂ ᠲᠤᠨᠳᠠᠰᠤ ᠪᠠᠭ᠎ᠠ᠂ ᠲᠠᠷᠢᠮᠠᠯ ᠤᠨ ᠥᠨᠳᠥᠷ ᠳᠤᠯᠠᠭᠠᠨ ᠬᠠᠯᠠᠭᠤᠨ ᠤ ᠭᠠᠮᠰᠢᠭ᠂ ᠲᠠᠷᠢᠶᠠᠨ ᠭᠠᠵᠠᠷ ᠤᠨ ᠭᠠᠩ ᠬᠠᠭᠰᠠᠷᠠᠭᠠᠨ ᠤ ᠲᠦᠭᠰᠢᠭᠦᠷᠢ ᠨᠡᠯᠢᠶᠡᠳ ᠥᠨᠳᠥᠷ ᠪᠠᠶᠢᠳᠠᠭ︔ ᠡᠮᠦᠨᠡᠲᠦ ᠣᠷᠣᠨ᠂ ᠳᠣᠷᠣᠨᠠᠲᠤ ᠣᠷᠣᠨ ᠤ ᠳᠠᠯᠠᠶ ᠳᠠᠭᠠᠤ ᠣᠷᠣᠨ ᠵᠢᠴᠢ ᠲᠠᠶᠢᠹᠧᠩ ᠰᠠᠯᠬᠢ ᠶᠢᠨ ᠨᠥᠯᠥᠭᠡ ᠪᠠᠷ ᠤᠮᠠᠷᠠᠰᠢ ᠳᠠᠶᠢᠯᠠᠭᠰᠠᠨ ᠬᠥᠬᠡ ᠮᠥᠷᠡᠨ ᠠᠴᠠ ᠤᠮᠠᠷᠠᠰᠢ ᠭᠠᠵᠠᠷ ᠣᠷᠣᠨ ᠳᠤ ᠰᠢᠷᠦᠭᠦᠨ ᠪᠣᠷᠣᠭᠠᠨ ᠣᠷᠣᠵᠤ᠂ ᠶᠡᠭᠡ ᠰᠠᠯᠬᠢᠨ ᠲᠠᠢ ᠠᠭᠤᠷ ᠠᠮᠢᠰᠬᠤᠯ ᠠᠴᠠ ᠪᠣᠯᠵᠤ ᠲᠠᠷᠢᠶᠠᠨ ᠭᠠᠵᠠᠷ ᠤᠰᠤᠲᠤᠬᠤ ᠪᠠ ᠲᠠᠷᠢᠮᠠᠯ ᠤᠰᠤᠨ ᠳᠤ ᠠᠪᠲᠠᠨ ᠨᠠᠯᠠᠵᠤ ᠮᠡᠳᠡᠨ᠎ᠡ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号