ᠪᠠᠶᠠᠨᠨᠠᠭᠤᠷ ᠬᠤᠲᠠ᠄ ᠠᠭᠤᠷᠬᠠᠶ ᠶᠢᠨ ᠠᠮᠤᠷ ᠲᠦᠪᠰᠢᠨ ᠤ ᠬᠥᠭᠵᠢᠯᠲᠡ ᠳᠤ ᠬᠦᠴᠦᠨ ᠨᠡᠮᠡᠷᠢᠯᠡᠵᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/8/23
    ᠠᠭᠤᠷᠬᠠᠶ ᠶᠢᠨ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠭᠦᠷᠡᠰᠦᠨ ᠤ ᠪᠤᠰᠤ ᠠᠭᠤᠷᠬᠠᠶ ᠶᠢᠨ ᠬᠦᠷᠢᠶᠡᠨ ᠳᠠᠬᠢ ᠪᠠᠷᠢᠮᠵᠢᠶᠠᠵᠢᠭᠤᠯᠤᠭᠰᠠᠨ᠂ ᠵᠢᠷᠤᠮᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠤᠰᠠᠳᠠ᠂ ︽ᠪᠠᠶᠠᠨᠨᠠᠭᠤᠷ ᠬᠤᠲᠠ ᠶᠢᠨ ᠠᠶᠤᠯ ᠦᠭᠡᠶ ᠦᠢᠯᠡᠳᠪᠦᠷᠢᠯᠡᠯ ᠤᠨ ᠵᠥᠪᠯᠡᠯ ᠤᠨ ︿ᠪᠦᠬᠦ ᠬᠤᠲᠠ ᠶᠢᠨ ᠨᠡᠭᠦᠷᠡᠰᠦᠨ ᠤ ᠪᠤᠰᠤ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠬᠤᠸᠠᠷ ᠫᠤᠤᠵᠢᠩ᠂ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠠᠷᠠᠯᠵᠢᠶ᠎ᠠ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠶ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠪᠠᠶᠠᠨᠨᠠᠭᠤᠷ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ ᠨᠡᠭᠦᠷᠡᠰᠦᠨ ᠤ ᠪᠤᠰᠤ ᠠᠭᠤᠷᠬᠠᠶ᠂ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠬᠤᠶᠠᠳᠤᠭᠠᠷ ᠡᠭᠡᠯᠵᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃
W020240820348033401851.png    
    ᠲᠣᠰ ᠡᠭᠡᠯᠵᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠨᠢ ᠨᠢᠭᠡᠳᠦᠭᠡᠷ ᠡᠭᠡᠯᠵᠢ ᠶᠢᠨ ᠨᠡᠶᠢᠭᠡᠮᠴᠢᠯᠡᠭᠰᠡᠨ ᠦᠢᠯᠡᠴᠢᠯᠡᠭᠡ ︵ᠨᠡᠭᠦᠷᠡᠰᠦᠨ ᠠᠭᠤᠷᠬᠠᠶ ᠶᠢᠨ ᠪᠤᠰᠤ 16 ᠠᠵᠤ ᠠᠬᠤᠶᠢᠯᠠᠯ᠂ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠠᠷᠠᠯᠵᠢᠶᠠᠨ ᠤ 9 ᠠᠵᠤ ᠠᠬᠤᠶᠢᠯᠠᠯ︶ ᠳᠤ ᠪᠠᠶᠢᠴᠠᠭᠠᠯᠲᠠ ᠬᠢᠵᠦ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠳᠤ ᠪᠢᠲᠡᠭᠦᠮᠵᠢᠯᠡᠭᠰᠡᠨ ᠪᠠ ᠬᠥᠳᠡᠯᠦᠩᠭᠦᠶ ᠪᠠᠷ ᠪᠦᠬᠦᠨ ᠢ ᠦᠭᠡᠶᠢᠰᠬᠡᠬᠦ ᠶᠢ ᠦᠨᠡᠨ ᠬᠦ ᠪᠠᠲᠤᠯᠠᠬᠤ ᠶᠢᠨ ᠬᠠᠮᠲᠤ ᠠᠵᠤ ᠠᠬᠤᠶᠢᠯᠠᠯ ᠤᠨ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠵᠡᠷᠭᠡ ᠦᠵᠡᠭᠳᠡᠯ ᠢ ᠴᠢᠩᠭ᠎ᠠ ᠰᠢᠳᠬᠡᠨ᠎ᠡ᠃ ᠬᠠᠮᠲᠤ᠂ ᠲᠣᠰ ᠡᠭᠡᠯᠵᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠨᠢ ᠡᠩ ᠤᠨ ᠴᠢᠨᠠᠷᠲᠠᠶ ᠠᠮᠤᠷ ᠲᠦᠪᠰᠢᠨ ᠤ ᠪᠠᠶᠢᠴᠠᠭᠠᠯᠲᠠ ᠬᠢᠬᠦ ᠠᠴᠠ ᠭᠠᠳᠠᠨ᠎ᠠ᠂ ᠪᠠᠰᠠ ᠨᠡᠭᠦᠷᠡᠰᠦᠨ ᠤ ᠪᠤᠰᠤ ᠭᠠᠵᠠᠷ ᠳᠤᠤᠷᠠᠬᠢ ᠠᠭᠤᠷᠬᠠᠶ ᠶᠢᠨ ᠲᠤᠰᠬᠠᠶ ᠴᠡᠭᠴᠡᠯᠡᠨ ᠵᠠᠰᠠᠯᠲᠠ ᠲᠠᠢ ᠤᠶᠠᠯᠳᠤᠭᠤᠯᠤᠨ᠎ᠠ᠂ ᠠᠭᠤᠷᠬᠠᠶ ᠶᠢᠨ ᠠᠮᠤᠷ ᠲᠦᠪᠰᠢᠨ ᠢ ᠦᠨᠡᠯᠡᠬᠦ ᠪᠠ ᠠᠮᠤᠷ ᠲᠦᠪᠰᠢᠨ ᠢ ᠰᠢᠯᠭᠠᠨ ᠪᠠᠶᠢᠴᠠᠭᠠᠬᠤ ᠲᠤᠰᠬᠠᠶ ᠴᠡᠭᠴᠡᠯᠡᠨ ᠵᠠᠰᠠᠯᠲᠠ᠂ ᠨᠡᠭᠦᠷᠡᠰᠦᠨ ᠤ ᠪᠤᠰᠤ ᠠᠭᠤᠷᠬᠠᠶ ᠶᠢᠨ ᠳᠠᠯᠳᠠ ᠭᠠᠮᠰᠢᠭ ᠡᠭᠦᠰᠭᠡᠬᠦ ᠬᠦᠴᠦᠨ ᠵᠦᠢᠯ ᠤᠨ ᠨᠡᠶᠢᠳᠡᠮ ᠪᠠᠶᠢᠴᠠᠭᠠᠯᠲᠠ ᠪᠠ ᠦᠶᠡᠷ ᠤᠨ ᠬᠤᠭᠤᠴᠠᠭᠠᠨ ᠤ ᠤᠰᠤᠨ ᠤ ᠬᠥᠨᠥᠭᠡᠯ ᠢ ᠰᠡᠷᠭᠡᠶᠢᠯᠡᠨ ᠵᠠᠰᠠᠬᠤ ᠲᠤᠰᠬᠠᠶ  ᠵᠦᠢᠯ᠂ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ︽ᠦᠨᠡᠯᠡᠨ ᠵᠢᠱᠢᠬᠦ + ᠬᠠᠤᠯᠢ ᠬᠡᠷᠡᠭᠵᠢᠭᠦᠯᠬᠦ + ᠦᠢᠯᠡᠴᠢᠯᠡᠭᠡ︾᠂ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠲᠣᠭᠤᠰᠣᠨ ᠳᠤ ᠬᠤᠯᠪᠣᠭᠳᠠᠭᠰᠠᠨ ᠳᠡᠯᠪᠡᠷᠡᠯᠲᠡ᠂ ᠬᠢᠵᠠᠭᠠᠷ ᠲᠠᠢ ᠣᠷᠣᠨ ᠵᠠᠶ ᠳᠤ ᠠᠵᠢᠯᠯᠠᠬᠤ ᠲᠤᠬᠠᠶ ᠲᠤᠰᠬᠠᠶ ᠪᠠᠶᠢᠴᠠᠭᠠᠯᠲᠠ ᠬᠢᠬᠦ ᠵᠡᠷᠭᠡ ᠪᠠᠷ ᠲᠤᠰᠬᠠᠶ ᠬᠢᠨᠠᠨ ᠵᠢᠯᠣᠭᠤᠳᠴᠤ ᠪᠠᠶᠢᠴᠠᠭᠠᠨ᠎ᠠ᠂ ᠠᠵᠤ ᠠᠬᠤᠶᠢᠯᠠᠯ ᠤᠨ ᠲᠤᠬᠠᠶ ᠭᠠᠵᠠᠷ᠂ ᠬᠠᠮᠢᠶᠠᠷᠤᠯᠲᠠ ᠶᠢᠨ ᠡᠬᠡ ᠳᠠᠩᠰᠠ ᠵᠡᠷᠭᠡ ᠳᠤ ᠪᠦᠬᠦ ᠲᠠᠯ᠎ᠠ ᠶᠢᠨ ᠵᠢᠯᠣᠭᠤᠳᠬᠤ ᠦᠢᠯᠡᠴᠢᠯᠡᠭᠡ ᠬᠢᠨ᠎ᠡ᠂ ᠵᠢᠷᠤᠭ ᠲᠥᠯᠥᠪᠯᠡᠭᠡᠨ ᠤ ᠲᠥᠰᠦᠯ ᠠᠴᠠ᠂ ᠲᠦᠷᠢᠮ ᠢ ᠬᠡᠷᠡᠭᠵᠢᠭᠦᠯᠬᠦ ᠪᠠ ᠠᠮᠤᠷ ᠲᠦᠪᠰᠢᠨ ᠤ ᠬᠠᠮᠢᠶᠠᠷᠤᠯᠲᠠ ᠵᠡᠷᠭᠡ ᠲᠠᠯ᠎ᠠ ᠪᠠᠷ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠡᠮ ᠰᠣᠭᠤᠭ ᠤᠨ ᠠᠰᠠᠭᠤᠳᠠᠯ ᠢ ᠤᠬᠤᠴᠢᠯᠠᠨ ᠠᠰᠠᠭᠤᠵᠤ ᠪᠠᠶᠢᠨ᠎ᠠ᠂ ᠠᠵᠤ ᠠᠬᠤᠶᠢᠯᠠᠯ ᠤᠨ ᠬᠡᠮ ᠰᠣᠭᠤᠭ ᠨᠢᠭᠡᠪᠦᠷᠢ ᠶᠢ ᠵᠢᠭᠰᠠᠭᠠᠨ ᠪᠠᠶᠢᠴᠠᠭᠠᠬᠤ ᠶᠢᠨ ᠬᠠᠮᠲᠤ ᠠᠰᠠᠭᠤᠳᠠᠯ ᠤᠨ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠵᠢᠴᠢ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ ᠴᠢᠭᠯᠡᠭᠦᠯᠦᠯᠲᠦ ᠴᠢᠨᠠᠷᠲᠠᠶ ᠰᠠᠨᠠᠭᠤᠯᠭ᠎ᠠ ᠳᠤᠷᠠᠳᠬᠤ ᠬᠡᠷᠡᠭᠲᠡᠶ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠠᠷᠢᠯᠭᠠᠨ᠎ᠠ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠰᠡᠷᠭᠡᠶᠢᠯᠡᠨ ᠬᠤᠷᠢᠭᠯᠠᠨ᠎ᠠ᠃    ᠨᠡᠶᠢᠭᠡᠮᠴᠢᠯᠡᠭᠰᠡᠨ  ᠦᠢᠯᠡᠴᠢᠯᠡᠭᠡᠨ ᠤ ᠠᠵᠢᠯ ᠨᠢ ᠪᠠᠶᠠᠨᠨᠠᠭᠤᠷ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠥᠬᠡᠶ  ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ︽ᠬᠠᠲᠠᠭᠤ ᠠᠷᠭ᠎ᠠ ᠬᠡᠮᠵᠢᠶ᠎ᠡ︾ ᠶᠢᠨ ᠴᠢᠬᠤᠯᠠ ᠠᠷᠭ᠎ᠠ ᠪᠠᠷᠢᠯ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ᠂ ︽ᠠᠵᠤ ᠠᠬᠤᠶᠢᠯᠠᠯ ᠳᠤ  ᠦᠢᠯᠡᠴᠢᠯᠡᠬᠦ᠂ ᠠᠵᠤ ᠠᠬᠤᠶᠢᠯᠠᠯ ᠤᠨ ᠵᠣᠪᠠᠨᠢᠯ ᠢ ᠰᠢᠢᠳᠪᠦᠷᠢᠯᠡᠬᠦ︾ ᠵᠠᠷᠴᠢᠮ ᠢ ᠢᠮᠠᠭᠲᠠ ᠡᠵᠡᠮᠳᠡᠵᠦ᠂ ᠠᠵᠤ ᠠᠬᠤᠶᠢᠯᠠᠯ ᠤᠨ ᠠᠶᠤᠯ ᠥᠬᠡᠶ ᠬᠥᠭᠵᠢᠯᠲᠡ ᠶᠢ ᠬᠠᠮᠠᠭᠠᠯᠠᠬᠤ ᠣᠭ ᠰᠠᠨᠠᠭ᠎ᠠ ᠪᠠᠨ ᠦᠨᠡᠨ ᠪᠣᠳᠠᠲᠠᠶ ᠪᠠᠷᠢᠮᠲᠠᠯᠠᠵᠤ᠂ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠤᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ᠂ ᠰᠠᠶᠢᠨ ᠣᠷᠴᠢᠯ ᠲᠠᠢ ᠪᠠᠶᠢᠬᠤ ᠶᠢ ᠠᠬᠢᠭᠤᠯᠪᠠ᠃ ᠣᠳᠣᠬᠠᠨ ᠪᠣᠯᠲᠠᠯ᠎ᠠ᠂ ᠨᠢᠭᠡᠨᠲᠡ 64 ᠨᠡᠭᠦᠷᠡᠰᠦᠨ ᠤ ᠪᠤᠰᠤ ᠠᠭᠤᠷᠬᠠᠶ ᠶᠢᠨ ᠠᠵᠤ ᠠᠬᠤᠶᠢᠯᠠᠯ ᠪᠠ 93 ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠳᠤ ᠠᠮᠤᠷ ᠲᠦᠪᠰᠢᠨ ᠤ ᠦᠢᠯᠡᠴᠢᠯᠡᠭᠡ ᠬᠠᠩᠭᠠᠵᠤ᠂ ᠥᠪᠥᠷ ᠮᠣᠩᠭᠤᠯ ᠤᠨ ᠳ᠋ᠠ ᠵᠥᠩ ᠠᠭᠤᠷᠬᠠᠶ ᠶᠢᠨ  ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ︽ᠪᠠᠶᠠᠨᠨᠠᠭᠤᠷ ᠬᠤᠲᠠ ᠶᠢᠨ ᠫᠢᠩ ᠠᠨ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠤ ᠬᠠᠮᠲᠤ ᠨᠢᠭᠡᠴᠢ︾ ᠪᠠᠷ ᠠᠮᠵᠢᠯᠲᠠ ᠲᠠᠢ ᠮᠡᠳᠡᠭᠦᠯᠪᠡ᠃
W020240820348034027999.png
    ᠲᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠡᠶᠢᠭᠡᠮᠴᠢᠯᠡᠭᠰᠡᠨ ᠦᠢᠯᠡᠴᠢᠯᠡᠭᠡ᠂ ᠰᠣᠯᠪᠢᠴᠠᠨ ᠪᠠᠶᠢᠴᠠᠭᠠᠵᠤ ᠬᠠᠷᠢᠯᠴᠠᠨ ᠬᠠᠪᠰᠤᠷᠤᠯᠴᠠᠬᠤ ᠵᠡᠷᠭᠡ ᠬᠡᠯᠪᠡᠷᠢ ᠶᠢ ᠤᠯᠠᠮ ᠴᠢᠨᠠᠭᠰᠢᠳᠠ ᠠᠰᠢᠭᠯᠠᠵᠤ᠂ ᠬᠠᠷᠢᠶ᠎ᠠ ᠣᠷᠣᠨ ᠤ ᠳᠠᠭᠠᠭᠤᠯᠤᠭᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ ᠪᠠ ᠵᠢᠱᠢᠶ᠎ᠡ ᠦᠵᠡᠭᠦᠯᠬᠦ  ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠲᠠᠪᠴᠠᠩ ᠪᠠᠶᠢᠭᠤᠯᠬᠤ᠂ ᠲᠤᠰᠬᠠᠶ ᠮᠡᠷᠭᠡᠵᠢᠯᠲᠡᠨ ᠵᠢᠯᠣᠭᠤᠳᠬᠤ᠂ ᠠᠵᠤ ᠠᠬᠤᠶᠢᠯᠠᠯ ᠬᠠᠮᠵᠢᠯᠴᠠᠬᠤ ᠰᠠᠶᠢᠨ ᠰᠠᠶᠢᠬᠠᠨ ᠲᠣᠭᠲᠠᠴᠠ ᠶᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠠᠭᠤᠷᠬᠠᠶ ᠪᠣᠯᠤᠨ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠬᠦᠷᠢᠶᠡᠨ ᠤ ᠠᠶᠤᠯᠭᠦᠶ  ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠬᠤ ᠶᠢ ᠪᠦᠲᠦᠮᠵᠢᠲᠡᠶ ᠪᠠᠲᠤᠯᠠᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号