ᠬᠦᠨᠳᠦ ᠶᠡᠭᠡ ᠠᠮᠤᠷ ᠲᠦᠪᠰᠢᠨ ᠤ ᠬᠡᠮ ᠰᠣᠭᠤᠭ ᠢ ᠪᠢᠲᠡᠭᠦᠮᠵᠢᠯᠡᠨ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠠᠶᠤᠯᠲᠠᠶ ᠬᠢᠮᠢ ᠶᠢᠨ ᠪᠣᠳᠠᠰ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠲᠤᠰᠬᠠᠶ ᠪᠠᠶᠢᠴᠠᠭᠠᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ
ᠨᠡᠶᠢᠲᠡᠯᠡᠭᠰᠡᠨ ᠴᠠᠭ᠄
2024/8/26
    ᠵᠢᠯ ᠤᠨ ᠲᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ  ᠶᠢᠨ ᠠᠵᠤ ᠦᠢᠯᠡᠰ ᠤᠨ ᠬᠥᠭᠵᠢᠯᠲᠡ ᠲᠦᠷᠭᠡᠨ ᠪᠠᠶᠢᠵᠤ᠂ ᠪᠥᠬᠦ ᠣᠷᠣᠨ ᠤ ᠠᠶᠤᠯᠲᠠᠶ ᠬᠢᠮᠢ ᠶᠢᠨ ᠪᠣᠳᠠᠰ ᠤᠨ ᠬᠦᠨᠳᠦ ᠶᠡᠭᠡ ᠠᠶᠤᠯ ᠤᠨ ᠡᠬᠢ ᠶᠢᠨ ᠲᠤᠭ᠎ᠠ 1253 ᠪᠠᠶᠢᠵᠤ᠂ ᠪᠥᠬᠦ ᠤᠯᠤᠰ ᠲᠤ ᠲᠠᠪᠤᠳᠤᠭᠠᠷ ᠲᠤ ᠣᠷᠣᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠤᠯᠠᠮ ᠨᠢᠭᠡ ᠠᠯᠬᠤᠮ ᠰᠡᠷᠭᠡᠶᠢᠯᠡᠨ ᠡᠵᠡᠮᠳᠡᠵᠦ᠂ ᠠᠶᠤᠯᠲᠠᠶ ᠬᠢᠮᠢ ᠶᠢᠨ ᠪᠣᠳᠠᠰ ᠤᠨ ᠬᠦᠨᠳᠦ ᠶᠡᠭᠡ ᠠᠶᠤᠯ ᠤᠨ ᠡᠬᠢ ᠪᠣᠯᠬᠤ ᠠᠵᠤ ᠠᠬᠤᠶᠢᠯᠠᠯ ᠤᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ᠂ ᠤᠯᠤᠰ ᠤᠨ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ 2024 ᠣᠨ ᠤ 5 ᠳ᠋ᠤᠭᠠᠷ ᠰᠠᠷ᠎ᠠ ᠶᠢᠨ 7 ᠤ ᠡᠳᠦᠷ ᠠᠴᠠ ᠡᠬᠢᠯᠡᠨ᠂ ︽ᠠᠷᠢᠯᠭᠠᠬᠤ ᠪᠠ ᠣᠷᠣᠨ ᠨᠤᠲᠤᠭ ᠢ ᠤᠶᠠᠯᠳᠤᠭᠤᠯᠬᠤ︾ ᠵᠠᠭᠪᠤᠷ ᠢ ᠠᠪᠴᠤ᠂ ᠠᠵᠤ ᠠᠬᠤᠶᠢᠯᠠᠯ ᠤᠨ ᠥᠪᠡᠰᠦᠪᠡᠨ ᠪᠠᠶᠢᠴᠠᠭᠠᠬᠤ᠂ ᠠᠶᠢᠮᠠᠭ ᠬᠤᠲᠠ ᠶᠢᠨ ᠰᠣᠯᠪᠢᠴᠠᠨ ᠬᠠᠷᠢᠯᠴᠠᠨ ᠪᠠᠶᠢᠴᠠᠭᠠᠬᠤ ᠪᠠ ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ ᠪᠠᠶᠢᠴᠠᠭᠠᠵᠤ ᠬᠢᠨᠠᠨ ᠪᠠᠶᠢᠴᠠᠭᠠᠬᠤ ᠠᠷᠭ᠎ᠠ ᠬᠡᠯᠪᠡᠷᠢ ᠪᠠᠷ ᠳᠠᠮᠵᠢᠭᠤᠯᠤᠨ ᠪᠥᠬᠦ ᠣᠷᠣᠨ ᠤ ᠠᠶᠤᠯᠲᠠᠶ ᠬᠢᠮᠢ ᠶᠢᠨ ᠪᠣᠳᠠᠰ ᠤᠨ ᠬᠦᠨᠳᠦ ᠶᠡᠭᠡ ᠠᠶᠤᠯ ᠤᠨ ᠡᠬᠢ ᠪᠣᠯᠬᠤ ᠠᠵᠤ ᠠᠬᠤᠶᠢᠯᠠᠯ ᠤᠨ ᠣᠨ ᠤ ᠠᠮᠤᠷ ᠲᠦᠪᠰᠢᠨ ᠤ ᠲᠤᠰᠬᠠᠶ ᠰᠢᠮᠳᠠᠭᠤᠯᠤᠨ ᠪᠠᠶᠢᠴᠠᠭᠠᠵᠤ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ  ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ︽ᠠᠶᠤᠯᠲᠠᠶ ᠬᠢᠮᠢ ᠶᠢᠨ ᠪᠣᠳᠠᠰ ᠤᠨ ᠬᠦᠨᠳᠦ ᠨᠣᠴᠢᠲᠠᠶ ᠠᠶᠤᠯ ᠤᠨ ᠡᠬᠢ ᠶᠢᠨ ᠠᠵᠤ ᠠᠬᠤᠶᠢᠯᠠᠯ ᠤᠨ 2024 ᠣᠨ ᠤ ᠠᠮᠤᠷ ᠲᠦᠪᠰᠢᠨ ᠤ ᠲᠤᠰᠬᠠᠶ ᠰᠢᠮᠳᠠᠭᠤᠯᠤᠨ ᠪᠠᠶᠢᠴᠠᠭᠠᠵᠤ ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ︽ᠠᠶᠤᠯᠲᠠᠶ ᠬᠢᠮᠢ ᠶᠢᠨ ᠪᠣᠳᠠᠰ ᠤᠨ ᠬᠦᠨᠳᠦ ᠨᠣᠴᠢᠲᠠᠶ ᠠᠶᠤᠯ ᠤᠨ ᠡᠬᠢ ᠶᠢᠨ ᠠᠵᠤ ᠠᠬᠤᠶᠢᠯᠠᠯ ᠤᠨ 2023 ᠣᠨ ᠤ ᠠᠩᠬᠠᠳᠤᠭᠠᠷ ᠤᠳᠠᠭᠠᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠰᠢᠮᠳᠠᠭᠤᠯᠤᠨ ᠵᠢᠯᠣᠭᠤᠳᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ᠠᠵᠤ ᠠᠬᠤᠶᠢᠯᠠᠯ ᠤᠨ ᠥᠪᠡᠷ ᠢ ᠪᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠡᠯ᠎ᠡ ᠠᠶᠢᠮᠠᠭ ᠬᠤᠲᠠ ᠶᠢᠨ ᠠᠵᠤ  ᠦᠢᠯᠡᠰ ᠤᠨ ᠪᠦᠲᠦᠴᠡ᠂ ᠠᠵᠤ ᠠᠬᠤᠶᠢᠯᠠᠯ ᠤᠨ ᠲᠤᠭ᠎ᠠ ᠬᠡᠮᠵᠢᠶ᠎ᠡ᠂ ᠬᠢᠨᠠᠯᠲᠠ ᠬᠠᠮᠢᠶᠠᠷᠤᠯᠲᠠ ᠶᠢᠨ ᠬᠦᠴᠦᠨ ᠵᠦᠢᠯ ᠵᠡᠷᠭᠡ ᠬᠦᠴᠦᠨ ᠵᠦᠢᠯ ᠢ ᠶᠡᠷᠦᠩᠬᠡᠶᠢᠯᠡᠨ᠂ ᠵᠥᠪᠰᠢᠶᠡᠷᠡᠯ ᠤᠨ ᠳᠠᠬᠢᠨ ᠬᠢᠨᠠᠯᠲᠠ ᠵᠡᠷᠭᠡ ᠪᠤᠰᠤᠳ ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠲᠠᠢ ᠤᠶᠠᠯᠳᠤᠭᠤᠯᠤᠨ᠂ ᠠᠶᠢᠮᠠᠭ ᠬᠤᠲᠠ ᠶᠢᠨ ᠰᠣᠯᠪᠢᠴᠠᠨ ᠬᠠᠷᠢᠯᠴᠠᠨ ᠪᠠᠶᠢᠴᠠᠭᠠᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠶ ᠭᠡᠵᠦ ᠱᠠᠭᠠᠷᠳᠠᠪᠠ᠃ ᠣᠷᠣᠨ ᠪᠠᠶᠢᠷᠢ ᠰᠣᠯᠪᠢᠴᠠᠬᠤ᠂ ᠬᠤᠯᠢᠯᠳᠤᠭᠤᠯᠤᠨ ᠳᠤᠭᠤᠶᠢᠯᠠᠩ ᠪᠠᠶᠢᠭᠤᠯᠬᠤ ᠵᠡᠷᠭᠡ ᠰᠢᠨᠵᠢᠯᠡᠬᠦ ᠤᠬᠠᠭᠠᠨᠴᠢ᠂ ᠠᠮᠢᠳᠤᠯᠢᠭ ᠪᠠᠶᠢᠴᠠᠭᠠᠬᠤ ᠠᠷᠭ᠎ᠠ ᠮᠠᠶ᠋ᠢᠭ ᠢ ᠠᠪᠬᠤ ᠪᠠᠷ ᠳᠠᠮᠵᠢᠭᠤᠯᠤᠨ᠂ ᠪᠠᠶᠢᠴᠠᠭᠠᠯᠲᠠ ᠶᠢᠨ ᠬᠦᠴᠦᠨ ᠲᠠᠢ ᠬᠤᠭᠤᠴᠠᠭ᠎ᠠ ᠪᠠ ᠶᠠᠰᠤ ᠴᠢᠨᠠᠷ ᠢ ᠬᠠᠮᠲᠤ ᠳᠤᠨᠢ ᠬᠠᠷᠠᠭᠠᠯᠵᠠᠬᠤ ᠶᠢᠨ ᠬᠠᠮᠲᠤ᠂ ᠠᠶᠢᠮᠠᠭ ᠬᠤᠲᠠ ᠶᠢᠨ ᠬᠤᠭᠤᠷᠣᠨᠳᠣᠬᠢ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠶᠢ ᠪᠦᠲᠦᠮᠵᠢᠲᠡᠶ ᠠᠬᠢᠭᠤᠯᠪᠠ᠃ ᠬᠠᠷᠢᠯᠴᠠᠨ ᠪᠠᠶᠢᠴᠠᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠪᠣᠯᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠶ ᠠᠩᠭᠢ ᠲᠤᠰᠬᠠᠶ ᠪᠠᠶᠢᠴᠠᠭᠠᠵᠤ ᠱᠠᠯᠠᠪᠳᠠᠭᠤᠯᠤᠨ ᠵᠢᠯᠣᠭᠤᠳᠬᠤ ᠠᠵᠢᠯ ᠤᠨ ᠳᠤᠭᠤᠶᠢᠯᠠᠩ ᠪᠠᠶᠢᠭᠤᠯᠵᠤ᠂ ᠡᠯ᠎ᠡ ᠠᠶᠢᠮᠠᠭ ᠬᠤᠲᠠ ᠶᠢᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠴᠠᠭ ᠲᠤᠬᠠᠶ ᠳᠤᠨᠢ ᠮᠡᠳᠡᠭᠡᠯᠡᠬᠦ ᠶᠢᠨ ᠬᠠᠮᠲᠤ ᠬᠠᠮᠲᠤᠷᠠᠭᠰᠠᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠪᠦᠷᠢᠯᠳᠦᠭᠦᠯᠵᠦ ᠡᠯ᠎ᠡ ᠭᠠᠵᠠᠷ ᠣᠷᠣᠨ ᠤ ᠠᠵᠤ ᠠᠬᠤᠶᠢᠯᠠᠯ ᠤᠨ ᠥᠪᠡᠰᠦᠪᠡᠨ ᠪᠠᠶᠢᠴᠠᠭᠠᠬᠤ ᠪᠠ ᠠᠶᠢᠮᠠᠭ ᠬᠤᠲᠠ ᠶᠢᠨ ᠬᠠᠷᠢᠯᠴᠠᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃ ᠣᠳᠣᠬᠠᠨ ᠳᠤ᠂ ᠡᠯ᠎ᠡ ᠠᠶᠢᠮᠠᠭ ᠬᠤᠲᠠ ᠴᠥᠮ ᠲᠥᠯᠥᠪᠯᠡᠭᠡ ᠶᠣᠰᠣᠭᠠᠷ ᠲᠣᠰ ᠤᠳᠠᠭᠠᠨ ᠤ ᠠᠶᠤᠯᠲᠠᠶ ᠬᠢᠮᠢ ᠶᠢᠨ ᠪᠣᠳᠠᠰ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠵᠦ᠂ ᠪᠥᠬᠦ ᠣᠷᠣᠨ ᠤ ᠠᠶᠤᠯᠲᠠᠶ ᠬᠢᠮᠢ ᠶᠢᠨ ᠪᠣᠳᠠᠰ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠠᠵᠤ ᠠᠬᠤᠶᠢᠯᠠᠯ ᠥᠪᠡᠰᠦᠪᠡᠨ ᠪᠠᠶᠢᠴᠠᠭᠠᠵᠤ ᠨᠡᠶᠢᠲᠡ 1810 ᠵᠦᠢᠯ ᠤᠨ ᠠᠰᠠᠭᠤᠳᠠᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ 1793 ᠵᠦᠢᠯ ᠢ ᠴᠡᠭᠴᠡᠯᠡᠨ ᠰᠠᠶᠢᠵᠢᠷᠠᠭᠤᠯᠵᠤ᠂ ᠪᠡᠶᠡᠯᠡᠭᠦᠯᠦᠭᠰᠡᠨ ᠨᠣᠷᠮ᠎ᠠ ᠨᠢ 99 . 1 % ᠳᠤ ᠬᠦᠷᠴᠡᠶ︔ ᠠᠶᠢᠮᠠᠭ ᠬᠤᠲᠠ ᠰᠣᠯᠪᠢᠴᠠᠨ ᠬᠠᠷᠢᠯᠴᠠᠨ ᠪᠠᠶᠢᠴᠠᠭᠠᠵᠤ ᠨᠡᠶᠢᠲᠡ 2986 ᠵᠦᠶ᠋ᠯ ᠤᠨ ᠠᠰᠠᠭᠤᠳᠠᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ 2926 ᠵᠦᠢᠯ ᠢ ᠴᠡᠭᠴᠡᠯᠡᠨ ᠰᠠᠶᠢᠵᠢᠷᠠᠭᠤᠯᠵᠤ᠂ ᠪᠡᠶᠡᠯᠡᠭᠦᠯᠦᠭᠰᠡᠨ ᠨᠣᠷᠮ᠎ᠠ ᠨᠢ 98 . 0 % ᠪᠣᠯᠪᠠ︔ ᠥᠪᠡᠷᠲᠡᠭᠡᠨ ᠵᠠᠰᠠᠬᠤ ᠣᠷᠣᠨ ᠰᠤᠭᠤᠴᠢᠨ ᠪᠠᠶᠢᠴᠠᠭᠠᠬᠤ ᠳᠤ ᠨᠡᠶᠢᠲᠡ 451 ᠵᠦᠢᠯ ᠤᠨ ᠠᠰᠠᠭᠤᠳᠠᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠨᠢᠭᠡᠨᠲᠡ 439  ᠵᠦᠢᠯ ᠢ ᠴᠡᠭᠴᠡᠯᠡᠨ ᠰᠠᠶᠢᠵᠢᠷᠠᠭᠤᠯᠵᠤ ᠂ ᠪᠡᠶᠡᠯᠡᠭᠦᠯᠦᠭᠰᠡᠨ ᠨᠣᠷᠮ᠎ᠠ ᠨᠢ 97 . 3 % ᠳᠤ ᠬᠦᠷᠴᠦ᠂ ᠪᠥᠬᠦ ᠣᠷᠣᠨ ᠤ ᠡᠯ᠎ᠡ ᠱᠠᠲᠤᠨ ᠤ ᠬᠢᠨ ᠪᠤᠰᠤᠳ ᠣᠨ ᠤ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠤᠨ ᠨᠡᠶᠢᠲᠡ 370 . 9 ᠲᠦᠮᠡᠨ ᠲᠥᠭᠦᠷᠢᠭ ᠤᠨ ᠬᠠᠤᠯᠢ ᠬᠡᠷᠡᠭᠵᠢᠭᠦᠯᠵᠦ ᠰᠢᠳᠬᠡᠨ ᠲᠣᠷᠭᠠᠪᠠ᠃    ᠣᠶᠢᠷ᠎ᠠ ᠶᠢᠨ ᠵᠢᠯ ᠤᠳ ᠲᠤ᠂ ᠡᠯ᠎ᠡ ᠱᠠᠲᠤᠨ ᠤ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠯᠲᠠ ᠬᠢᠬᠦ ᠤᠳᠠᠭ᠎ᠠ ᠤᠳᠠᠭ᠎ᠠ ᠨᠢ ᠢᠯᠡᠳᠲᠡ ᠨᠡᠮᠡᠭᠳᠡᠵᠦ᠂ ᠪᠠᠶᠢᠴᠠᠭᠠᠬᠤ ᠶᠠᠪᠤᠴᠠ ᠳᠤ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠡᠯ᠎ᠡ ᠵᠦᠢᠯ ᠤᠨ ᠲᠣᠪᠤᠶᠢᠮ᠎ᠠ ᠠᠰᠠᠭᠤᠳᠠᠯ ᠤᠨ ᠳᠠᠯᠳᠠ ᠬᠡᠮ ᠢᠯᠠᠩᠭᠤᠶ᠎ᠠ ᠬᠦᠨᠳᠦ ᠶᠡᠭᠡ ᠠᠮᠤᠷ ᠲᠦᠪᠰᠢᠨ ᠤ ᠳᠠᠯᠳᠠ ᠬᠡᠮ ᠢ ᠪᠠᠭᠠᠰᠬᠠᠬᠤ ᠪᠠᠷ ᠴᠢᠷᠮᠠᠶᠢᠭᠰᠠᠭᠠᠷ ᠢᠷᠡᠵᠡᠶ᠂ ᠭᠡᠪᠡᠴᠦ ᠲᠣᠰ ᠤᠳᠠᠭᠠᠨ ᠤ ᠪᠠᠶᠢᠴᠠᠭᠠᠯᠲᠠ ᠶᠢᠨ ᠦᠷ᠎ᠡ ᠳ᠋ᠦᠩ ᠠᠴᠠ ᠦᠵᠡᠪᠡᠯ᠂ ᠥᠪᠥᠷ ᠮᠣᠩᠭᠤᠯ ᠤᠨ ᠪᠠᠶ ᠶᠠᠨ ᠬᠤ ᠬᠢᠮᠢ ᠶᠢᠨ ᠠᠵᠤ ᠦᠢᠯᠡᠳᠪᠦᠷᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠴᠠᠬᠢᠯᠠᠭᠤᠷ ᠴᠢᠯᠠᠭᠤ ᠶᠢᠨ ᠬᠤᠶᠠᠳᠤᠭᠠᠷ  ᠦᠢᠯᠡᠳᠪᠦᠷᠢ ᠶᠢᠨ ᠴᠠᠬᠢᠯᠠᠭᠤᠷ ᠴᠢᠯᠠᠭᠤ ᠶᠢᠨ ᠲᠠᠪᠤᠳᠤᠭᠠᠷ ᠦᠢᠯᠡᠳᠪᠦᠷᠢ ᠶᠢᠨ ᠲᠠᠰᠤᠭ ᠤᠨ ᠴᠠᠬᠢᠯᠠᠭᠤᠷ ᠴᠢᠯᠠᠭᠤ ᠶᠢᠨ ᠲᠦᠷ ᠬᠠᠳᠠᠭᠠᠯᠠᠬᠤ ᠬᠥᠮᠥᠷᠭᠡ ᠳᠠᠬᠢ ᠡᠲ᠋ᠢᠨ ᠬᠡᠶ ᠪᠡᠶᠡᠲᠦ ᠪᠠᠶᠢᠴᠠᠭᠠᠨ ᠬᠡᠮᠵᠢᠬᠦ ᠪᠠᠭᠠᠵᠢ ᠨᠢ ᠡᠪᠳᠡᠭᠳᠡᠵᠦ᠂ ᠴᠠᠭ ᠲᠤᠬᠠᠶ ᠳᠤᠨᠢ ᠪᠠᠶᠢᠴᠠᠭᠠᠨ ᠵᠠᠰᠠᠭᠰᠠᠨ ᠥᠬᠡᠶ ᠪᠠ ᠰᠣᠯᠢᠭᠰᠠᠨ ᠥᠬᠡᠶ︔ ᠬᠥᠯᠥᠨ ᠪᠤᠶᠢᠷ ᠤᠨ ᠳ᠋ᠦᠩ ᠨᠤᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠨᠢ ᠬᠠᠮᠢᠶᠠᠷᠤᠯᠲᠠ ᠶᠢᠨ ᠲᠦᠷᠢᠮ ᠳᠡᠭᠡᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠨᠢᠭᠡᠪᠦᠷᠢ ᠶᠢᠨ ᠭᠤᠤᠯ ᠬᠠᠷᠢᠭᠤᠴᠠᠯᠭᠠᠲᠠᠨ᠂ ᠮᠡᠷᠭᠡᠵᠢᠯ ᠤᠨ ᠬᠠᠷᠢᠭᠤᠴᠠᠯᠭᠠᠲᠠᠨ ᠪᠠ ᠠᠵᠢᠯᠯᠠᠭᠠᠨ ᠤ ᠬᠠᠷᠢᠭᠤᠴᠠᠯᠭᠠᠲᠠᠨ ᠨᠢᠭᠡᠪᠦᠷᠢ ᠶᠢ ᠲᠣᠳᠣᠷᠬᠠᠶᠢᠯᠠᠭᠰᠠᠨ ᠥᠬᠡᠶ︔ ᠥᠪᠥᠷ ᠮᠣᠩᠭᠤᠯ ᠤᠨ ᠬᠤᠸᠠ ᠾᠧᠩ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠨᠡᠭᠦᠷᠡᠰᠦᠨ ᠬᠡᠢ ᠶᠢᠨ ᠠᠪᠳᠠᠷ᠎ᠠ ᠶᠢᠨ ᠣᠷᠣᠨ ᠪᠦᠰᠡ ᠶᠢᠨ ᠣᠷᠣᠬᠤ ᠡᠭᠦᠳᠡᠨ ᠳᠤ ᠳᠠᠭᠤ ᠭᠡᠷᠡᠯ ᠤᠨ ᠰᠡᠷᠡᠮᠵᠢ ᠶᠢᠨ ᠳᠣᠬᠢᠶᠠᠨ ᠤ ᠮᠠᠰᠢᠨ ᠲᠣᠬᠢᠷᠠᠭᠤᠯᠤᠭᠰᠠᠨ ᠦᠭᠡᠶ ᠵᠡᠷᠭᠡ ᠠᠰᠠᠭᠤᠳᠠᠯ ᠪᠠᠰᠠ ᠨᠡᠯᠢᠶᠡᠳ ᠲᠣᠪᠤᠶᠢᠮ᠎ᠠ ᠪᠠᠶᠢᠨ᠎ᠠ᠃    ᠡᠭᠦᠨ ᠠᠴᠠ ᠪᠣᠯᠵᠤ᠂ ᠪᠢᠳᠡ ᠡᠷᠬᠡᠪᠰᠢ ᠭᠦᠢᠴᠡᠳ ᠴᠢᠬᠤᠯᠠᠴᠢᠯᠠᠵᠤ᠂ ᠬᠦᠨᠳᠦ ᠶᠡᠭᠡ ᠠᠮᠤᠷ ᠲᠦᠪᠰᠢᠨ ᠤ ᠳᠠᠯᠳᠠ ᠭᠡᠮ ᠪᠣᠯ ᠠᠳᠡᠯ ᠭᠠᠷᠬᠤ ᠠᠴᠠ ᠬᠠᠮᠤᠭ ᠤᠨ ᠣᠶᠢᠷ᠎ᠠ ᠪᠠᠶᠢᠭ᠎ᠠ ᠡᠵᠡᠮᠳᠡᠵᠦ ᠪᠣᠯᠤᠰᠢ ᠦᠭᠡᠶ ᠬᠦᠴᠦᠨ ᠵᠦᠢᠯ ᠪᠣᠯᠬᠤ ᠲᠤᠯᠠ ᠶᠠᠭᠠᠬᠢᠭᠰᠠᠨ ᠴᠤ ᠣᠮᠲᠣᠭᠠᠶᠢᠯᠠᠵᠤ ᠪᠣᠯᠬᠤ ᠦᠭᠡᠶ ᠭᠡᠳᠡᠭ ᠢ ᠭᠦᠨᠵᠡᠭᠡᠶ ᠲᠠᠨᠢᠵᠤ᠂ ᠠᠳᠠᠯᠢ ᠲᠥᠷᠥᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠶᠢᠨ ᠮᠥᠷᠳᠡᠬᠦ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠬᠥᠭᠵᠢᠯᠲᠡ ᠶᠢᠨ ᠣᠨᠣᠯᠵᠢᠬᠤᠨ ᠢ ᠴᠢᠩᠭᠠᠷᠠᠭᠤᠯᠤᠨ ᠳᠡᠭᠡᠭᠰᠢᠯᠡᠭᠦᠯᠵᠦ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号