ᠥᠪᠥᠷ ᠮᠣᠩᠭᠤᠯ ᠤᠨ ᠬᠥᠬᠡᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠡᠮᠴᠢᠯᠡᠭᠡᠨ ᠤ ᠪᠠᠶᠢᠭᠤᠯᠤᠮᠵᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠡᠭᠡ ᠪᠣᠯᠪᠠᠰᠤᠷᠠᠭᠤᠯᠤᠯ ᠥᠷᠨᠢᠭᠦᠯᠪᠡ
ᠨᠡᠶᠢᠲᠡᠯᠡᠭᠰᠡᠨ ᠴᠠᠭ᠄
2024/8/26
    ᠡᠮᠴᠢᠯᠡᠭᠡᠨ ᠤ ᠪᠠᠶᠢᠭᠤᠯᠤᠮᠵᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠥᠪᠥᠷ ᠮᠣᠩᠭᠤᠯ ᠤᠨ ᠬᠥᠬᠡᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠣᠶᠢᠷ᠎ᠠ ᠳᠤ ᠪᠥᠬᠦ ᠬᠤᠲᠠ ᠶᠢᠨ ᠡᠮᠴᠢᠯᠡᠭᠡᠨ ᠤ ᠰᠢᠰᠲ᠋ᠧᠮ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠠ ᠭᠤᠤᠯᠯᠠᠭᠴᠢ ᠬᠦᠴᠦᠨ ᠢ ᠣᠷᠣᠯᠴᠠᠭᠤᠯᠪᠠ᠃    ᠭᠠᠯ ᠰᠡᠷᠭᠡᠶᠢᠯᠡᠯᠲᠡ ᠶᠢᠨ ᠬᠢᠨᠠᠯᠲᠠ ᠲᠠᠯᠪᠢᠭᠴᠢ ᠣᠶᠢᠷ᠎ᠠ ᠶᠢᠨ ᠵᠢᠯ ᠤᠳ ᠲᠤ ᠡᠭᠦᠰᠦᠭᠰᠡᠨ ᠭᠠᠯ ᠤᠨ ᠭᠠᠮᠰᠢᠭ ᠤᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠡᠮᠴᠢᠯᠡᠭᠡᠨ ᠤ ᠪᠠᠶᠢᠭᠤᠯᠤᠮᠵᠢ ᠶᠢᠨ ᠭᠠᠯ ᠤᠨ ᠭᠠᠮᠰᠢᠭ ᠤᠨ ᠠᠶᠤᠯᠲᠤ ᠴᠢᠨᠠᠷ ᠢ ᠲᠣᠳᠣᠷᠬᠠᠶᠢᠯᠠᠨ ᠥᠭᠦᠯᠡᠵᠦ᠂ ᠡᠮᠴᠢᠯᠡᠭᠡᠨ ᠤ ᠪᠠᠶᠢᠭᠤᠯᠤᠮᠵᠢ ᠶᠢᠨ ᠭᠠᠯ ᠤᠨ ᠭᠠᠮᠰᠢᠭ ᠤᠨ ᠠᠳᠡᠯ ᠤᠨ ᠭᠤᠤᠯ ᠰᠢᠯᠲᠠᠭᠠᠨ ᠢ ᠭᠦᠨᠵᠡᠭᠡᠶ ᠵᠠᠳᠠᠯᠤᠨ ᠰᠢᠨᠵᠢᠯᠡᠵᠦ᠂ ᠭᠠᠯ ᠤᠨ ᠭᠠᠮᠰᠢᠭ ᠤᠨ ᠲᠥᠷᠥᠯ ᠬᠡᠯᠪᠡᠷᠢ᠂ ᠭᠠᠯ ᠤᠨ ᠭᠠᠮᠰᠢᠭ ᠤᠨ ᠣᠨᠴᠠᠯᠢᠭ᠂ ᠠᠩᠬ᠎ᠠ ᠡᠭᠦᠰᠦᠭᠰᠡᠨ ᠭᠠᠯ ᠤᠨ ᠠᠶᠤᠯ ᠠᠴᠠ ᠠᠪᠤᠷᠬᠠᠤ᠂ ᠬᠥᠮᠦᠰ ᠢ ᠲᠠᠷᠬᠠᠭᠠᠨ ᠠᠮᠢ ᠵᠢᠭᠤᠲᠠᠭᠤᠯᠬᠤ᠂ ᠡᠳᠦᠷ ᠲᠤᠲᠤᠮ ᠤᠨ ᠭᠠᠯ ᠤᠨ ᠠᠶᠤᠯ ᠢ ᠰᠡᠷᠭᠡᠶᠢᠯᠡᠬᠦ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠵᠦ᠂ ᠲᠤᠬᠠᠶ ᠶᠢᠨ ᠲᠠᠯᠠᠪᠠᠶ ᠳᠤ ᠪᠥᠬᠦ ᠡᠮᠨᠡᠯᠭᠡ ᠶᠢᠨ ᠠᠵᠢᠯᠲᠠᠳ ᠲᠤ ︽ᠭᠠᠯ ᠰᠡᠷᠭᠡᠶᠢᠯᠡᠬᠦ ᠬᠡᠮᠡᠷᠯᠢᠭ ᠤᠭᠤᠲᠠ︾ ᠶᠢ ᠤᠯᠠᠮᠵᠢᠯᠠᠪᠠ᠃ ᠭᠠᠯ ᠤᠨᠲᠠᠷᠠᠭᠠᠬᠤ ᠬᠢᠨᠠᠯᠲᠠ ᠲᠠᠯᠪᠢᠭᠴᠢ ᠴᠢᠬᠤᠯᠠᠴᠢᠯᠠᠭᠰᠠᠨ ᠨᠢ᠂ ᠡᠮᠨᠡᠯᠭᠡ ᠶᠢᠨ ᠬᠤᠷᠢᠶ᠎ᠠ ᠪᠣᠯ ᠬᠥᠮᠦᠨ ᠣᠯᠠᠨ᠂ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠪᠣᠯᠤᠨ ᠲᠣᠮᠣ ᠬᠡᠯᠪᠡᠷᠢ ᠶᠢᠨ ᠴᠠᠬᠢᠯᠭᠠᠨ ᠬᠡᠷᠡᠭᠰᠡᠯ ᠲᠥᠬᠦᠭᠡᠷᠦᠮᠵᠢ ᠨᠡᠯᠢᠶᠡᠳ ᠣᠯᠠᠨ ᠪᠠᠶᠢᠳᠠᠭ ᠣᠨᠴᠠᠭᠠᠶ ᠣᠯᠠᠨ ᠨᠡᠶᠢᠲᠡ ᠶᠢᠨ ᠲᠠᠯᠠᠪᠤᠷ ᠮᠥᠨ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠬᠦᠨᠳᠦ ᠶᠡᠭᠡ᠂ ᠢᠯᠠᠩᠭᠤᠶ᠎ᠠ ᠬᠦᠴᠢᠯᠲᠥ᠋ᠷᠥᠭᠴᠢ ᠦᠢᠯᠡᠳᠬᠦ ᠲᠥᠪ᠂ ᠮᠡᠰᠡ ᠵᠠᠰᠠᠯ ᠤᠨ ᠲᠠᠰᠤᠭ᠂ ᠡᠮᠨᠡᠯᠭᠡ ᠳᠤ ᠰᠠᠭᠤᠬᠤ ᠭᠠᠵᠠᠷ᠂ ᠡᠮ ᠡᠮᠨᠡᠯᠭᠡ ᠶᠢᠨ ᠬᠥᠮᠥᠷᠭᠡ᠂ ᠡᠭᠦᠳᠡᠨ ᠡᠮᠨᠡᠯᠭᠡ ᠶᠢᠨ ᠬᠡᠯᠲᠡᠰ ᠵᠢᠴᠢ ᠡᠪᠡᠳᠴᠢᠨ ᠤ ᠳᠠᠩᠰᠠ ᠶᠢᠨ ᠲᠠᠰᠤᠭ ᠵᠡᠷᠭᠡ ᠭᠤᠣᠯᠳᠠᠯᠭ᠎ᠠ ᠲᠠᠢ ᠰᠠᠯᠠᠭ᠎ᠠ ᠮᠥᠴᠢᠷ ᠤᠳ ᠡᠳᠦᠷ ᠲᠤᠲᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠪᠠᠨ ᠭᠤᠣᠯᠳᠠᠯᠭ᠎ᠠ ᠲᠠᠢ ᠴᠢᠩᠭᠠᠳᠬᠠᠵᠤ᠂ ᠳᠠᠯᠳᠠ ᠭᠡᠮ ᠢ ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ ᠥᠭᠡᠷᠡᠴᠢᠯᠡᠵᠦ᠂ ᠥᠴᠦᠬᠡᠨ ᠴᠦ ᠠᠯᠳᠠᠰᠢ ᠭᠠᠷᠭᠠᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠬᠢᠨᠠᠯᠲᠠ ᠲᠠᠯᠪᠢᠭᠴᠢ ᠪᠣᠯᠪᠠᠰᠤᠷᠠᠯ ᠢ ᠵᠣᠬᠢᠶᠠᠨ ᠪᠠᠢᠭᠤᠯᠵᠤ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠬᠦᠴᠢᠯᠲᠥ᠋ᠷᠥᠭᠴᠢ ᠦᠢᠯᠡᠳᠬᠦ ᠲᠥᠪ ᠲᠤ ᠢᠷᠡᠪᠡ᠂ ᠠᠷᠢᠭᠤᠳᠬᠠᠬᠤ ᠲᠠᠰᠤᠭ ᠪᠠ ᠴᠠᠬᠢᠯᠭᠠᠨ ᠲᠦᠭᠡᠭᠡᠬᠦ ᠲᠠᠰᠤᠭ ᠵᠡᠷᠭᠡ ᠭᠤᠤᠯᠳᠠᠯᠭ᠎ᠠ ᠲᠠᠢ ᠬᠡᠰᠡᠭ᠂ ᠡᠮᠨᠡᠯᠭᠡ ᠶᠢᠨ ᠬᠤᠷᠢᠶᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠬᠡᠷᠬᠢᠨ ᠴᠢᠩᠭᠠᠳᠬᠠᠬᠤ ᠲᠤᠬᠠᠶ ᠨᠠᠷᠢᠨ ᠲᠠᠶᠢᠯᠪᠤᠷᠢᠯᠠᠪᠠ᠂ ᠭᠤᠤᠯᠳᠠᠯᠭ᠎ᠠ ᠲᠠᠢ ᠬᠡᠰᠡᠭ ᠤᠨ ᠠᠮᠤᠷ ᠲᠦᠪᠰᠢᠨ ᠤ ᠳᠠᠯᠳᠠ ᠬᠡᠮ ᠢ ᠬᠡᠷᠬᠢᠨ ᠵᠢᠭᠰᠠᠭᠠᠨ ᠪᠠᠶᠢᠴᠠᠭᠠᠵᠤ ᠠᠷᠢᠯᠭᠠᠬᠤ ᠪᠣᠶ᠂ ᠬᠡᠷᠬᠢᠨ ᠡᠮᠴᠢᠯᠡᠭᠡᠨ ᠤ ᠪᠠᠶᠢᠭᠤᠯᠤᠮᠵᠢ ᠶᠢᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠪᠠ ᠰᠣᠷᠢᠯᠲᠠ ᠶᠢᠨ ᠠᠵᠢᠯ ᠢ ᠲᠡᠭᠦᠯᠳᠡᠷᠵᠢᠭᠦᠯᠦᠨ ᠴᠢᠩᠭᠠᠳᠬᠠᠬᠤ ᠪᠤᠢ᠂ ᠲᠤᠬᠠᠶ ᠶᠢᠨ ᠲᠠᠯᠠᠪᠠᠢ ᠶᠢᠨ ᠦᠵᠡᠭᠦᠯᠭᠡ ᠶᠢᠨ ᠭᠠᠯ ᠤᠨᠲᠠᠷᠠᠭᠠᠬᠤ ᠲᠥᠬᠦᠭᠡᠷᠦᠮᠵᠢ ᠶᠢᠨ ᠠᠵᠢᠯᠯᠠᠭᠠᠨ ᠤ ᠶᠠᠪᠤᠴᠠ ᠪᠠ ᠬᠡᠷᠡᠭᠯᠡᠬᠦ ᠠᠷᠭ᠎ᠠ᠂ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠳᠤ ᠭᠠᠯ ᠤᠨᠲᠠᠷᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ ᠭᠡᠵᠦ ᠰᠠᠨᠠᠭᠤᠯᠪᠠ᠂ ᠡᠳᠦᠷ ᠲᠤᠲᠤᠮ ᠤᠨ ᠭᠠᠯ ᠰᠡᠷᠭᠡᠶᠢᠯᠡᠬᠦ ᠪᠠᠶᠢᠴᠠᠭᠠᠯᠲᠠ ᠵᠢᠴᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠬᠤ ᠬᠡᠷᠡᠭᠲᠡᠶ᠂ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠶ᠃    ᠲᠣᠰ ᠤᠳᠠᠭᠠᠨ ᠤ ᠪᠣᠯᠪᠠᠰᠤᠷᠠᠭᠤᠯᠤᠯ ᠳᠤ᠂ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠯ᠎ᠡ ᠠᠵᠢᠯ ᠤᠨ ᠪᠠᠶᠢᠷᠢ ᠶᠢᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠦᠵᠡᠯ ᠤᠬᠠᠮᠰᠠᠷ ᠢ ᠪᠦᠲᠦᠮᠵᠢᠲᠡᠶ ᠴᠢᠩᠭᠠᠷᠠᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠭᠠᠯ ᠰᠡᠷᠭᠡᠶᠢᠯᠡᠯᠲᠡ ᠶᠢᠨ ᠤᠬᠠᠭᠤᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠬᠤᠲᠠ ᠶᠢᠨ ᠡᠮᠴᠢᠯᠡᠭᠡᠨ ᠤ ᠰᠢᠰᠲ᠋ᠧᠮ ᠤᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠳᠤ ᠰᠠᠭᠤᠷᠢ ᠲᠠᠯᠪᠢᠵᠤ ᠥᠭᠪᠡ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号