ᠪᠤᠭᠤᠲᠤ ᠬᠤᠲᠠ᠄ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2024/8/27
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠬᠦ ᠶᠢᠨ ᠲᠥᠯᠥᠭᠡ᠂ 2024 ᠣᠨ ᠤ 8 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠪᠤᠭᠤᠲᠤ ᠬᠤᠲᠠ ᠶᠢᠨ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠯᠢᠦᠶ ᠫᠸᠢ ᠶᠠᠨ ᠪᠠᠭᠰᠢ ᠶᠢ ᠤᠷᠢᠵᠤ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠢᠷᠡᠭᠡᠳᠦᠶ ᠶᠢ ᠨᠡᠭᠡᠭᠡᠶ᠎ᠡ︾ ᠭᠡᠬᠦ ᠰᠡᠳᠦᠪ ᠢᠶᠠᠷ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠵᠤ᠂ ᠲᠣᠪᠴᠢᠶ᠎ᠠ ᠶᠢᠨ ᠪᠠᠶᠢᠭᠤᠯᠭ᠎ᠠ ᠵᠢᠴᠢ ᠰᠢᠭᠤᠳ ᠬᠠᠷᠢᠶ᠎ᠠ ᠨᠢᠭᠡᠴᠢ ᠶᠢᠨ ᠪᠥᠬᠦ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠰᠤᠷᠤᠯᠴᠠᠯᠭ᠎ᠠ ᠳᠤ ᠣᠷᠣᠯᠴᠠᠪᠠ᠃
W020240820346035798302.png
    ᠤᠬᠠᠭᠤᠯᠤᠨ ᠲᠠᠶᠢᠯᠪᠤᠷᠢᠯᠠᠬᠤ ᠳᠤᠮᠳᠠ᠂ ᠯᠢᠦᠶ ᠫᠸᠢ ᠶᠠᠨ ᠪᠠᠭᠰᠢ ︽ᠶᠠᠭᠤᠨ ᠳᠤ ᠥᠭᠡᠷᠡᠴᠢᠯᠡᠯᠲᠡ ᠬᠢᠬᠦ︾ ︽ᠬᠠᠮᠢᠭᠠᠰᠢ ᠪᠠᠨ ᠥᠭᠡᠷᠡᠴᠢᠯᠡᠯᠲᠡ ᠬᠢᠬᠦ︾ ︽ᠶᠠᠭᠠᠬᠢᠵᠤ ᠥᠭᠡᠷᠡᠴᠢᠯᠡᠯᠲᠡ ᠬᠢᠬᠦ︾ ᠭᠤᠷᠪᠠᠨ ᠲᠠᠯ᠎ᠠ ᠠᠴᠠ᠂ ᠪᠥᠬᠦᠳᠡ ᠬᠤᠷᠠᠯ ᠠᠴᠠ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠮᠡᠳᠡᠭᠳᠡᠯ︾ ᠤᠨ ᠲᠣᠭᠤᠷᠢᠨ ᠳᠤ᠂ ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠯᠲᠠ ᠶᠢ ᠠᠬᠢᠭᠤᠯᠬᠤ ᠲᠣᠭᠲᠠᠭᠠᠯ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂ ᠯᠣᠭᠢᠭ ᠴᠢᠩᠭ᠎ᠠ ᠨᠢᠮᠪᠠᠶ᠂ ᠨᠡᠪᠲᠡ ᠵᠠᠳᠠᠯᠬᠤ᠂ ᠦᠭᠡ ᠲᠣᠪᠴᠢ ᠤᠳᠬ᠎ᠠ ᠲᠡᠭᠦᠯᠳᠡᠷ᠂ ᠨᠥᠬᠦᠳ ᠨᠡᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠳᠤ ᠴᠢᠬᠤᠯᠠ ᠶᠡᠭᠡ ᠠᠴᠢ ᠬᠤᠯᠪᠣᠭᠳᠠᠯ ᠲᠠᠢ᠂ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠨᠢ ᠨᠡᠩ ᠭᠦᠨᠵᠡᠭᠡᠢ ᠲᠠᠨᠢᠯᠲᠠ ᠪᠠ ᠣᠶᠢᠯᠠᠭᠠᠯᠲᠠ ᠲᠠᠢ ᠪᠣᠯᠪᠠ᠃
W020240820346035875153.png    
    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠨᠠᠮ ᠤᠨ ᠡᠭᠦᠷ᠂ ᠡᠯ᠎ᠡ ᠰᠠᠯᠠᠭ᠎ᠠ ᠲᠠᠰᠤᠭ ᠪᠠ ᠰᠢᠭᠤᠳ ᠬᠠᠷᠢᠶ᠎ᠠ ᠨᠢᠭᠡᠴᠢ ᠨᠦᠭᠦᠳ ᠡᠨᠡ ᠤᠳᠠᠭᠠᠨ ᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠪᠠᠷ ᠲᠣᠬᠢᠶᠠᠯ ᠪᠣᠯᠭᠠᠬᠤ ᠬᠡᠷᠡᠭᠲᠡᠢ᠂ ᠬᠤᠲᠠ ᠶᠢᠨ ᠨᠠᠮ ᠤᠨ ᠬᠤᠷᠢᠶᠠᠨ ᠤ ᠶᠣᠰᠣᠭᠠᠷ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠪᠠ ᠲᠣᠪᠴᠢᠶ᠎ᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠂ ᠣᠯᠠᠨ‌ᠵᠦ᠋ᠢᠯ ᠤᠨ ᠬᠡᠯᠪᠡᠷᠢ ᠪᠠᠷ ᠬᠠᠷᠢᠶ᠎ᠠ ᠪᠥᠬᠦᠶ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠰᠤᠷᠤᠯᠴᠠᠯᠭ᠎ᠠ ᠪᠠᠨ ᠴᠢᠩᠭᠠᠳᠬᠠᠨ᠎ᠠ᠂ ᠣᠶᠢᠷ᠎ᠠ ᠳᠤ ᠪᠠᠭᠤᠯᠭᠠᠭᠰᠠᠨ ︽ᠬᠤᠶᠠᠷ ᠬᠠᠪᠰᠤᠷᠤᠨ ᠵᠢᠯᠣᠭᠤᠳᠬᠤ ᠤᠩᠰᠢᠬᠤ ᠪᠢᠴᠢᠭ︾ ᠢ ᠰᠠᠶᠢᠲᠤᠷ ᠰᠤᠷᠤᠯᠴᠠᠵᠤ ᠰᠠᠶᠢᠲᠤᠷ ᠬᠡᠷᠡᠭᠯᠡᠨ᠎ᠡ᠂ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠢ ᠬᠥᠲᠥᠯᠥᠨ ᠵᠢᠯᠣᠭᠤᠳᠴᠤ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠤᠯᠠᠮ ᠨᠢᠭᠡ ᠠᠯᠬᠤᠮ ᠭᠦᠨᠵᠡᠭᠡᠶ ᠣᠢᠯᠠᠭᠠᠭᠤᠯᠬᠤ ᠬᠡᠷᠡᠭᠲᠡᠶ᠂ ︽ᠳᠥᠷᠪᠡᠨ ᠤᠬᠠᠮᠰᠠᠷ︾ ᠢ ᠴᠢᠩᠭᠠᠳᠬᠠᠶ᠎ᠠ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠂ ᠠᠶᠤᠯᠭᠦᠶ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠎ᠡ᠂ ᠥᠷᠯᠥᠭᠡ ᠦᠳᠡᠰᠢ ᠶᠢ ᠲᠡᠮᠡᠴᠡᠬᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠡᠷᠴᠢ ᠵᠣᠷᠢᠭ ᠢᠶᠠᠷ ᠡᠯ᠎ᠡ ᠵᠦᠢᠯ ᠤᠨ ᠠᠵᠢᠯ ᠢ ᠪᠣᠳᠠᠲᠠᠶ ᠠᠳᠬᠤᠵᠤ ᠰᠠᠶᠢᠲᠤᠷ ᠬᠢᠬᠦ ᠬᠡᠷᠡᠭᠲᠡᠶ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠬᠦᠴᠦᠨ ᠢᠶᠠᠷ ᠢᠶᠠᠨ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠠᠶ ᠠᠵᠢᠯᠯᠠᠭ᠎ᠠ ᠪᠠ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠂ ᠳᠤᠮᠳᠠᠳᠤ ᠤᠯᠤᠰ ᠤᠨ ᠮᠠᠶ᠋ᠢᠭ ᠤᠨ ︽ᠪᠤᠭᠤᠲᠤ ᠶᠢᠨ ᠬᠠᠷᠢᠭᠤᠯᠲᠠ ᠶᠢᠨ ᠬᠠᠭᠤᠳᠠᠰᠤ︾ ᠶᠢ ᠴᠢᠷᠮᠠᠶᠢᠨ ᠪᠢᠴᠢᠭᠯᠡᠶ᠎ᠡ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号