ᠤᠯᠤᠰ ᠤᠨ ᠳᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2024/8/27
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ     ᠥᠪᠥᠷ ᠵᠠᠰᠠᠭ ᠠᠯᠪᠠᠨ ᠲᠠᠷᠬᠠᠭᠠᠭᠰᠠᠨ ﹇2024﹈ 5 ᠳ᠋ᠤᠭᠠᠷ ᠲᠣᠭᠠᠲᠤ     ᠤᠯᠤᠰ ᠤᠨ ᠳᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ    ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄    ᠥᠪᠡᠷᠲᠡᠭᠡᠨ ᠵᠠᠰᠠᠬᠤ ᠣᠷᠣᠨ ᠤ ᠤᠯᠤᠰ ᠤᠨ ᠳᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ︵ᠳᠣᠷᠣᠭᠰᠢ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠭᠡᠵᠦ ᠲᠣᠪᠴᠢᠯᠠᠨ᠎ᠠ︶ ᠤ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠬᠤᠷᠳᠤ ᠨᠡᠮᠡᠨ ᠠᠬᠢᠭᠤᠯᠵᠤ᠂ ᠨᠡᠩ ᠥᠨᠳᠥᠷ ᠳᠡᠰ ᠳᠠᠪᠬᠤᠷᠭ᠎ᠠ ᠶᠢᠨ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠭᠠᠵᠠᠷ ᠣᠷᠣᠨ ᠤ ᠠᠵᠤ ᠠᠬᠤᠢ ᠶᠢ ᠨᠥᠯᠥᠭᠡᠯᠡᠨ ᠳᠠᠶᠢᠴᠢᠯᠠᠬᠤ ᠦᠢᠯᠡᠳᠦᠯ ᠢ ᠴᠢᠩᠭᠠᠳᠬᠠᠵᠤ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ᠂ ᠬᠥᠯᠥᠨ ᠪᠤᠶᠢᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠵᠡᠷᠭᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠢ ᠬᠥᠲᠥᠯᠥᠨ ᠳᠠᠭᠠᠭᠤᠯᠬᠤ ᠣᠷᠣᠨ᠂ ᠥᠭᠡᠷᠡᠴᠢᠯᠡᠯᠲᠡ ᠨᠡᠭᠡᠭᠡᠯᠲᠡ ᠶᠢ ᠤᠷᠢᠳ ᠢᠶᠠᠷ ᠬᠡᠷᠡᠭᠵᠢᠭᠦᠯᠬᠦ ᠣᠷᠣᠨ᠂ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠪᠣᠯᠭᠠᠨ ᠴᠣᠭᠴᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠬᠡᠪᠴᠢᠶ᠎ᠡ ᠪᠠ ᠶᠠᠰᠤ ᠴᠢᠨᠠᠷ ᠤᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠭᠠᠳᠠᠭᠠᠳᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠪᠠᠳᠠᠷᠠᠭᠠᠨ ᠬᠥᠭᠵᠢᠭᠡᠬᠦ ᠪᠠ ᠠᠵᠤ ᠦᠢᠯᠡᠰ ᠤᠨ ᠪᠣᠳᠠᠲᠤ ᠬᠦᠴᠦᠨ ᠢ ᠪᠤᠵᠠᠭᠠᠶᠢᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠬᠠᠮᠢᠶᠠᠷᠤᠯᠲᠠ ᠶᠢᠨ ᠲᠣᠭᠲᠠᠴᠠ ᠳᠤ ᠰᠢᠨ᠎ᠡ ᠶᠢ ᠡᠭᠦᠳᠬᠦ ᠪᠠᠷ ᠭᠠᠷᠳᠠᠴᠠ ᠪᠣᠯᠭᠠᠨ᠂ ᠡᠬᠢ ᠪᠠᠶᠠᠯᠢᠭ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠬᠤ ᠪᠠᠷ ᠲᠤᠯᠭᠠᠭᠤᠷᠢᠯᠠᠯ ᠪᠣᠯᠭᠠᠵᠤ᠂ ᠨᠡᠩ ᠢᠯᠡᠭᠦᠦ ᠲᠣᠪᠴᠢ ᠠᠪᠰᠠᠷᠬᠠᠨ ᠥᠨᠳᠥᠷ ᠪᠦᠲᠦᠮᠵᠢᠲᠡᠢ ᠬᠠᠮᠢᠶᠠᠷᠤᠯᠲᠠ ᠶᠢᠨ ᠪᠠᠶᠢᠭᠤᠯᠤᠯ᠂ ᠨᠡᠩ ᠢᠯᠡᠭᠦᠦ ᠠᠮᠢᠳᠤᠯᠢᠭ ᠪᠣᠳᠠᠲᠤ ᠬᠡᠷᠡᠭᠯᠡᠭᠡᠨ ᠤ ᠨᠡᠭᠡᠭᠡᠨ ᠬᠥᠭᠵᠢᠭᠦᠯᠵᠦ ᠡᠵᠡᠩᠨᠡᠨ ᠠᠵᠢᠯᠯᠠᠭᠤᠯᠬᠤ ᠲᠣᠭᠲᠠᠴᠠ᠂ ᠠᠵᠢᠯ ᠬᠢᠵᠦ ᠦᠢᠯᠡᠰ ᠴᠣᠭᠴᠠᠯᠠᠬᠤ ᠶᠢ ᠨᠡᠩ ᠢᠯᠡᠭᠦᠦ ᠤᠷᠮᠠᠰᠢᠭᠤᠯᠵᠤ ᠳᠡᠶᠢᠯᠬᠦ ᠬᠥᠮᠥᠨ ᠰᠣᠩᠭᠤᠵᠤ ᠬᠥᠮᠥᠨ ᠬᠡᠷᠡᠭᠯᠡᠬᠦ ᠳᠦᠷᠢᠮ᠂ ᠨᠡᠩ ᠢᠯᠡᠭᠦᠦ ᠰᠢᠰᠲ᠋ᠧᠮᠵᠢᠭᠦᠯᠦᠨ ᠬᠤᠷᠠᠭᠤᠯᠤᠭᠰᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠲᠣᠭᠲᠠᠯᠴᠠᠭ᠎ᠠ ᠪᠠ ᠬᠤᠳᠠᠯᠳᠤᠭᠠᠴᠢᠨ ᠢ ᠨᠡᠩ ᠢᠯᠡᠭᠦᠦ ᠳᠣᠲᠣᠨᠣᠴᠢᠯᠠᠬᠤ ᠬᠤᠳᠠᠯᠳᠤᠭᠠᠴᠢᠨ ᠢ ᠨᠡᠩ ᠢᠯᠡᠭᠦᠦ ᠰᠠᠨᠠᠭ᠎ᠠ ᠠᠮᠤᠷ ᠪᠠᠶᠢᠯᠭᠠᠬᠤ ᠬᠤᠳᠠᠯᠳᠤᠭᠠᠴᠢᠨ ᠢ ᠨᠡᠩ ᠢᠯᠡᠭᠦᠦ ᠪᠠᠶᠠᠵᠢᠭᠤᠯᠬᠤ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠲᠦᠷᠭᠡᠳᠭᠡᠨ ᠪᠠᠶᠢᠭᠤᠯᠵᠤ᠂ ᠨᠡᠭᠡᠭᠡᠯᠲᠡ ᠳᠤ ᠰᠢᠨ᠎ᠡ ᠶᠢ ᠡᠭᠦᠳᠬᠦ᠂ ᠳᠦᠷᠢᠮ ᠳᠤ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠵᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠭᠠᠳᠠᠭᠠᠳᠤ ᠲᠠᠢ ᠬᠠᠮᠲᠤᠷᠠᠨ ᠠᠵᠢᠯᠯᠠᠬᠤ ᠬᠢᠷᠢ ᠲᠦᠪᠰᠢᠨ ᠪᠠ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠬᠦ ᠪᠠᠷ ᠴᠢᠷᠮᠠᠶᠢᠨ᠂ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠢ ᠴᠣᠭᠴᠠᠯᠠᠨ᠎ᠠ᠃    ᠬᠤᠶᠠᠷ᠂ ᠬᠥᠭᠵᠢᠯᠲᠡ ᠶᠢᠨ ᠬᠠᠷᠠᠯᠲᠠ    2027 ᠣᠨ ᠪᠣᠯᠬᠤ ᠳᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠨᠡᠭᠡᠭᠡᠯᠲᠡ ᠬᠢᠵᠦ ᠬᠥᠭᠵᠢᠭᠦᠯᠬᠦ ᠬᠢᠷᠢ ᠲᠦᠪᠰᠢᠨ ᠪᠠ ᠣᠷᠣᠨ ᠪᠦᠰᠡ ᠶᠢᠨ ᠠᠵᠤ ᠠᠬᠤᠢ ᠳᠤ ᠨᠡᠮᠡᠷᠢ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠳᠠᠶᠢᠴᠢᠯᠠᠬᠤ ᠬᠦᠴᠦᠨ ᠪᠠ ᠲᠤᠯᠭᠠᠭᠤᠷᠢᠯᠠᠬᠤ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃    — ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠬᠤᠯᠠ ᠶᠡᠭᠡ ᠦᠷ᠎ᠡ ᠪᠦᠲᠦᠮᠵᠢ ᠲᠠᠢ ᠪᠣᠯᠭᠠᠵᠤ᠂ ᠬᠦᠷᠢᠶᠡᠯᠡᠩ ᠣᠷᠣᠨ ᠤ ᠵᠠᠰᠠᠯᠲᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠂ ᠪᠠᠶᠢᠭᠤᠯᠤᠯ ᠲᠣᠭᠲᠠᠴᠠ ᠶᠢ ᠨᠡᠩ ᠪᠣᠯᠪᠠᠰᠤᠷᠠᠩᠭᠤᠢ ᠪᠣᠯᠭᠠᠵᠤ ᠲᠡᠭᠦᠯᠳᠡᠷᠵᠢᠭᠦᠯᠦᠨ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠤᠯᠤᠰ ᠤᠨ ᠳᠣᠲᠣᠭᠠᠳᠤᠬᠢ ᠲᠡᠷᠢᠭᠦᠨ ᠤ ᠬᠢᠷᠢ ᠲᠦᠪᠰᠢᠨ ᠳᠤ ᠬᠦᠷᠦᠭᠦᠯᠦᠨ᠎ᠡ︔    — ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ᠂ ᠰᠢᠨ᠎ᠡ ᠶᠢ ᠡᠭᠦᠳᠦᠨ ᠬᠥᠭᠵᠢᠭᠦᠯᠬᠦ ᠴᠢᠳᠠᠪᠤᠷᠢ᠂ ᠨᠡᠭᠡᠭᠡᠯᠲᠡ ᠬᠢᠵᠦ ᠨᠡᠭᠡᠭᠡᠨ ᠬᠥᠭᠵᠢᠭᠦᠯᠬᠦ ᠠᠮᠢᠵᠢᠷᠠᠯ ᠤᠨ ᠬᠦᠴᠦᠨ ᠢ ᠢᠯᠡᠳᠲᠡ ᠴᠢᠩᠭᠠᠷᠠᠭᠤᠯᠵᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ︵GDP︶ ᠤᠨ ᠵᠢᠯ ᠪᠦᠷᠢ ᠶᠢᠨ ᠨᠡᠮᠡᠭᠳᠡᠯ ᠤᠨ ᠬᠤᠷᠳᠤᠴᠠ ᠶᠢ 8% ᠠᠴᠠ ᠳᠡᠭᠡᠭᠰᠢ ᠪᠠᠶᠢᠯᠭᠠᠵᠤ᠂ ᠠᠵᠤ ᠦᠢᠯᠡᠳᠪᠦᠷᠢ ᠶᠢᠨ ᠦᠢᠯᠡᠳᠭᠦᠨ ᠤ ᠶᠡᠷᠦᠩᠬᠡᠢ ᠥᠷᠳᠡᠭ ᠤᠨ ᠨᠡᠮᠡᠭᠳᠡᠯ ᠤᠨ ᠬᠡᠮᠵᠢᠶ᠎ᠡ ᠶᠢ 15% ᠠᠴᠠ ᠳᠡᠭᠡᠭᠰᠢ ᠳᠤ ᠬᠦᠷᠦᠭᠦᠯᠵᠦ᠂ ᠪᠠᠶᠢᠭ᠎ᠠ ᠭᠠᠵᠠᠷ ᠣᠷᠣᠨ ᠤ ᠪᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠬᠥᠳᠡᠯᠭᠡᠭᠦᠷ ᠪᠣᠯᠭᠠᠵᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠶᠡᠷᠦᠩᠬᠡᠶᠢᠯᠡᠭᠰᠡᠨ ᠬᠥᠭᠵᠢᠯᠲᠡ ᠶᠢᠨ ᠬᠢᠷᠢ ᠲᠦᠪᠰᠢᠨ ᠤ ᠰᠢᠯᠭᠠᠨ ᠬᠢᠨᠠᠯᠲᠠ ᠦᠨᠡᠯᠡᠯᠲᠡ ᠳᠠᠬᠢ ᠨᠡᠷᠡᠰ ᠤᠨ ᠵᠢᠭᠰᠠᠭᠠᠯᠲᠠ ᠶᠢ ᠨᠡᠯᠢᠶᠡᠳ ᠤᠷᠤᠭᠰᠢ ᠳᠡᠪᠰᠢᠭᠦᠯᠬᠦ ᠶᠢ ᠪᠡᠶᠡᠯᠡᠭᠦᠯᠦᠨ᠂ ᠪᠥᠬᠦ ᠤᠯᠤᠰ ᠤᠨ ᠡᠮᠦᠨ᠎ᠡ 150 ᠨᠡᠷᠡᠰ᠂ ᠪᠠᠷᠠᠭᠤᠨ ᠬᠡᠰᠡᠭ ᠭᠠᠵᠠᠷ ᠣᠷᠣᠨ ᠤ ᠡᠮᠦᠨ᠎ᠡ 25 ᠨᠡᠷᠡᠰ ᠲᠤ ᠣᠷᠣᠭᠤᠯᠬᠤ ᠪᠠᠷ ᠬᠦᠴᠦᠯᠡᠨ ᠴᠢᠷᠮᠠᠶᠢᠨ᠎ᠠ︔    — ᠣᠳᠣ ᠦᠶ᠎ᠡ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠵᠦ᠂ ᠡᠯ᠎ᠡ ᠭᠤᠣᠯᠯᠠᠬᠤ ᠠᠵᠤ ᠦᠢᠯᠡᠰ ᠤᠨ ᠪᠦᠬᠦᠯᠢ ᠴᠣᠭᠴᠠ ᠪᠠᠷ ᠰᠢᠨ᠎ᠡ ᠶᠢ ᠡᠭᠦᠳᠦᠨ ᠳᠡᠰ ᠳᠡᠪᠰᠢᠭᠦᠯᠬᠦ ᠶᠢ ᠪᠡᠶᠡᠯᠡᠭᠦᠯᠦᠨ᠂ ᠬᠡᠰᠡᠭ ᠠᠵᠤ ᠦᠢᠯᠡᠰ ᠤᠨ ᠬᠥᠭᠵᠢᠯᠲᠡ ᠶᠢ ᠪᠥᠬᠦ ᠤᠯᠤᠰ ᠤᠨ ᠲᠡᠷᠢᠭᠦᠨ ᠤ ᠡᠩᠨᠡᠭᠡᠨ ᠳᠤ ᠣᠷᠣᠭᠤᠯᠵᠤ᠂ ᠠᠵᠤ ᠦᠢᠯᠡᠰ ᠤᠨ ᠳᠡᠭᠡᠳᠦ ᠳᠡᠰᠵᠢᠭᠦᠯᠬᠦ᠂ ᠣᠶᠤᠨᠴᠢᠯᠠᠬᠤ᠂ ᠪᠣᠬᠢᠷᠲᠤᠯ ᠦᠭᠡᠢ ᠪᠣᠯᠭᠠᠬᠤ ᠬᠥᠭᠵᠢᠯᠲᠡ ᠳᠤ ᠰᠢᠨ᠎ᠡ ᠰᠢᠪᠲᠤᠯᠤᠯᠲᠠ ᠭᠠᠷᠭᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠬᠢᠷᠢ ᠲᠦᠪᠰᠢᠨ ᠤ ᠰᠢᠨ᠎ᠡ ᠳᠠᠪᠠᠯᠲᠠ ᠶᠢ ᠪᠡᠶᠡᠯᠡᠭᠦᠯᠦᠨ᠎ᠡ︔    — ᠳᠡᠭᠡᠳᠦ ᠳᠡᠰ ᠳᠠᠪᠬᠤᠷᠭ᠎ᠠ ᠶᠢᠨ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢ ᠠᠩᠬ᠎ᠠ ᠠᠯᠬᠤᠮ ᠪᠦᠲᠦᠭᠡᠨ ᠪᠠᠶᠢᠭᠤᠯᠵᠦ᠂ ᠭᠠᠳᠠᠭᠠᠳᠤ ᠠᠷᠠᠯᠵᠢᠶ᠎ᠡ ᠭᠠᠳᠠᠭᠠᠳᠤ ᠪᠡᠯᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠭᠡᠨ ᠶᠡᠬᠡᠰᠭᠡᠵᠦ᠂ ᠭᠠᠳᠠᠭᠰᠢᠯ ᠠᠵᠤ ᠠᠬᠤᠢ ᠶᠢᠨ ᠶᠠᠰᠤ ᠴᠢᠨᠠᠷ ᠤᠨ ᠬᠢᠷᠢ ᠲᠦᠪᠰᠢᠨ ᠢ ᠨᠡᠯᠢᠶᠡᠳ ᠶᠡᠭᠡ ᠪᠠᠷ ᠳᠡᠭᠡᠭᠰᠢᠯᠡᠭᠦᠯᠦᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠪᠣᠳᠠᠲᠠᠢ ᠬᠡᠷᠡᠭᠯᠡᠬᠦ ᠭᠠᠳᠠᠭᠠᠳᠤ ᠪᠡᠯᠡ ᠶᠢ ᠵᠢᠯ ᠳᠤᠮᠳᠠᠴᠢ ᠪᠠᠷ 10% ᠠᠴᠠ ᠳᠡᠭᠡᠭᠰᠢ ᠨᠡᠮᠡᠭᠳᠡᠭᠦᠯᠦᠨ᠂ ᠪᠠᠶᠢᠭ᠎ᠠ ᠠᠶᠢᠮᠠᠭ ᠬᠤᠲᠠ ᠶᠢᠨ ᠢᠶᠠᠨ ᠪᠣᠳᠠᠲᠠᠢ ᠬᠡᠷᠡᠭᠯᠡᠬᠦ ᠭᠠᠳᠠᠭᠠᠳᠤ ᠪᠡᠯᠡ ᠳᠤ ᠡᠵᠡᠯᠡᠬᠦ ᠬᠤᠪᠢ ᠶᠢᠨ ᠵᠢᠩ ᠢ ᠨᠢ 30% ᠠᠴᠠ ᠳᠡᠭᠡᠭᠰᠢ ᠳᠤ ᠬᠦᠷᠦᠭᠦᠯᠦᠨ᠎ᠡ᠃    ᠨᠠᠷᠢᠨ ᠠᠭᠤᠯᠭ᠎ᠠ  ᠶᠢ ᠳᠣᠣᠷᠠᠬᠢ ᠰᠦᠯᠵᠢᠶᠡᠨ ᠠᠴᠠ ᠦᠵᠡᠭᠡᠷᠡᠢ᠄https://mgl.nmg.gov.cn/am/2024/8/27/U_76436_1024454.html?pid=13035
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号