ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠦᠵᠡᠰᠬᠦᠯᠡᠩ ᠤᠨ ᠴᠤᠭᠯᠠᠭᠠᠨ 8 ᠳ᠋ᠤᠭᠠᠷ ᠰᠠᠷ᠎ᠠ ᠶᠢᠨ 29 ᠤ ᠡᠳᠦᠷ ᠡᠬᠢᠯᠡᠨ᠎ᠡ
ᠨᠡᠶᠢᠲᠡᠯᠡᠭᠰᠡᠨ ᠴᠠᠭ᠄
2024/8/27
    ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠢ ᠡᠭᠦᠳᠴᠦ᠂ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ  ᠦᠢᠯᠡᠰ ᠤᠨ ᠦᠵᠡᠰᠬᠦᠯᠡᠩ ᠤᠨ ᠠᠷᠠᠯᠵᠢᠶᠠᠨ ᠤ ᠴᠤᠭᠯᠠᠭᠠᠨ 8 ᠳ᠋ᠤᠭᠠᠷ ᠰᠠᠷ᠎ᠠ ᠶᠢᠨ 29 ᠤ ᠡᠳᠦᠷ ᠠᠴᠠ 9 ᠳ᠋ᠤᠭᠡᠷ ᠰᠠᠷ᠎ᠠ ᠶᠢᠨ 2 ᠤᠨ ᠡᠳᠦᠷ ᠪᠣᠯᠲᠠᠯ᠎ᠠ ᠥᠪᠥᠷ ᠮᠣᠩᠭᠤᠯ ᠤᠨ ᠣᠯᠠᠨ ᠤᠯᠤᠰ ᠤᠨ ᠦᠵᠡᠰᠬᠦᠯᠡᠩ ᠤᠨ ᠲᠥᠪ ᠲᠤ ᠶᠠᠪᠤᠭᠳᠠᠨ᠎ᠠ᠃
00300719779_e2b0a2ac (1).jpg
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ  ᠦᠢᠯᠡᠰ ᠤᠨ ᠦᠵᠡᠰᠬᠦᠯᠡᠩ ᠤᠨ ᠴᠤᠭᠯᠠᠭᠠᠨ ᠪᠣᠯ ᠪᠥᠬᠦ ᠣᠷᠣᠨ ᠤ ᠰᠣᠶᠣᠯ ᠤᠨ ᠠᠵᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠬᠦ ᠴᠢᠬᠤᠯᠠ ᠲᠠᠪᠴᠠᠩ ᠪᠣᠯᠤᠨ᠎ᠠ᠃ ᠡᠨᠡ ᠵᠢᠯ ᠤᠨ ᠦᠵᠡᠰᠬᠦᠯᠡᠩ ᠤᠨ ᠴᠤᠭᠯᠠᠭᠠᠨ ᠨᠢ ᠦᠵᠡᠭᠦᠯᠭᠡ᠂ ᠠᠷᠠᠯᠵᠢᠶ᠎ᠠ᠂ ᠠᠵᠢᠯᠯᠠᠭ᠎ᠠ ᠵᠡᠷᠭᠡ ᠣᠯᠠᠨ ᠲᠠᠯ᠎ᠠ ᠪᠠᠷ ᠰᠢᠨᠡᠳᠴᠦ᠂ ᠣᠷᠣᠨ ᠪᠦᠰᠡ ᠶᠢᠨ ᠰᠣᠯᠢᠯᠴᠠᠭ᠎ᠠ ᠪᠣᠯᠤᠨ ᠠᠵᠤ ᠦᠢᠯᠡᠰ ᠤᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠵᠠᠬ᠎ᠠ ᠳᠡᠯᠭᠡᠭᠦᠷ ᠤᠨ ᠠᠷᠠᠯᠵᠢᠶ᠎ᠠ ᠪᠣᠯᠤᠨ ᠰᠣᠶᠣᠯ ᠤᠨ ᠬᠡᠷᠡᠭᠯᠡᠭᠡ ᠶᠢ ᠬᠥᠭᠵᠢᠭᠡᠵᠦ᠂ ᠰᠣᠶᠣᠯ ᠤᠨ ᠠᠵᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ᠃ ᠲᠤᠬᠠᠶ ᠶᠢᠨ ᠦᠶ᠎ᠡ ᠳᠤ ᠪᠥᠬᠦ ᠤᠯᠤᠰ ᠵᠢᠴᠢ ᠭᠠᠳᠠᠭᠠᠳᠤ ᠳᠤ ᠪᠠᠶᠢᠭ᠎ᠠ 500 ᠭᠠᠷᠤᠶ ᠰᠣᠶᠣᠯ ᠤᠨ ᠠᠵᠤ ᠠᠬᠤᠶᠢᠯᠠᠯ᠂ ᠰᠣᠶᠣᠯ ᠵᠢᠭᠤᠯᠴᠢᠯᠠᠯ ᠤᠨ ᠪᠠᠶᠢᠭᠤᠯᠤᠮᠵᠢ᠂ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠲᠥᠪᠯᠡᠷᠡᠭᠦᠯᠦᠨ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠳᠤ ᠨᠢᠭᠡ ᠤᠳᠠᠭᠠᠨ ᠤ ︽ᠰᠢᠨ᠎ᠡ ᠰᠣᠶᠣᠯ ᠤᠨ ᠪᠦᠲᠦᠭᠡᠭᠳᠡᠬᠦᠨ︾ ᠤᠨ ᠴᠡᠴᠡᠭ ᠪᠦᠬᠦᠨ ᠢ ᠵᠡᠷᠭᠡ ᠪᠠᠷ ᠳᠡᠯᠭᠡᠷᠡᠭᠦᠯᠬᠦ ᠰᠣᠶᠣᠯ ᠤᠨ ᠶᠡᠭᠡ ᠬᠤᠭᠤᠯᠠ ᠶᠢ ᠠᠪᠴᠢᠷᠠᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号