ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 79 . 48 ᠳ᠋ᠦᠩᠰᠢᠭᠤᠷ ᠲᠥᠭᠦᠷᠢᠭ ᠭᠠᠷᠭᠠᠵᠤ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠪᠡ
ᠨᠡᠶᠢᠲᠡᠯᠡᠭᠰᠡᠨ ᠴᠠᠭ᠄
2024/8/28
    ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠄ 2024 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 79 . 48 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠪᠠᠭᠤᠯᠭᠠᠵᠤ ᠪᠥᠬᠦ ᠣᠷᠣᠨ ᠤ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠪᠡ᠃    ᠡᠨᠡ ᠵᠢᠯ ᠠᠴᠠ ᠨᠠᠭᠠᠰᠢ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠰᠤᠷᠭᠠᠨ ᠬᠥᠮᠦᠵᠢᠯ ᠤᠨ ᠴᠢᠨᠠᠷ ᠰᠠᠶᠢᠲᠠᠶ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠴᠢᠷᠮᠠᠶᠢᠨ ᠥᠷᠭᠡᠳᠬᠡᠵᠦ᠂ ᠪᠠᠯᠠ ᠮᠥᠩᠭᠦ ᠶᠢᠨ ᠪᠠᠲᠤᠯᠠᠭ᠎ᠠ᠂ ᠲᠦᠷᠢᠮ ᠤᠨ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠲᠠᠯ᠎ᠠ ᠪᠠᠷ ᠪᠥᠬᠦ ᠣᠷᠣᠨ ᠤ ᠰᠠᠭᠤᠷᠢ ᠰᠤᠷᠭᠠᠨ ᠬᠥᠮᠦᠵᠢᠯ ᠤᠨ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ ᠡᠨᠡᠬᠦ ᠶᠠᠪᠤᠴᠠ ᠳᠤ᠂ ︽ᠦᠨᠳᠦᠰᠦᠨ ᠵᠦᠢᠯ ᠢ ᠪᠠᠲᠤᠯᠠᠬᠤ᠂ ᠳᠤᠲᠠᠭᠤᠳᠠᠯ ᠢ ᠨᠥᠬᠦᠪᠥᠷᠢᠯᠡᠬᠦ᠂ ᠭᠤᠣᠯᠴᠢ ᠪᠠᠶᠢᠬᠤ ᠶᠢ ᠠᠬᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ︾ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠠᠴᠠ ᠰᠤᠷᠭᠠᠨ ᠬᠥᠮᠦᠵᠢᠯ ᠤᠨ ᠵᠠᠷᠤᠯᠭ᠎ᠠ ᠶᠢᠨ ᠪᠦᠲᠦᠴᠡ ᠶᠢ ᠲᠠᠰᠤᠷᠠᠯᠲᠠ ᠤᠢᠭᠡᠢ ᠲᠣᠬᠢᠷᠠᠭᠤᠯᠤᠨ ᠰᠢᠯᠢᠳᠡᠭᠵᠢᠭᠦᠯᠵᠦ᠂ ᠪᠡᠯᠡ ᠮᠥᠩᠭᠦ ᠶᠢ ᠰᠤᠷᠭᠠᠨ ᠬᠥᠮᠦᠵᠢᠯ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶ᠎ᠡ ᠪᠠ ᠬᠦᠴᠢᠷᠳᠡᠯᠲᠡᠶ ᠭᠠᠵᠠᠷ ᠣᠷᠣᠨ ᠵᠢᠴᠢ ᠰᠠᠭᠤᠷᠢ ᠰᠤᠷᠭᠠᠨ ᠬᠥᠮᠦᠵᠢᠯ ᠤᠨ ᠪᠠᠭᠤᠷᠠᠶ ᠲᠠᠯ᠎ᠠ ᠲᠡᠰᠢ ᠤᠯᠠᠮ ᠨᠢᠭᠡ ᠠᠯᠬᠤᠮ ᠬᠡᠯᠪᠠᠶᠢᠯᠭᠡᠪᠡ᠃    ᠨᠢᠭᠡ ᠳᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠮᠢᠶ᠎ᠠ ᠪᠥᠬᠦᠶ ᠪᠠᠯᠠ ᠮᠥᠩᠭᠦ ᠶᠢ 14 . 7 ᠳ᠋ᠦᠩᠰᠢᠭᠤᠷ ᠲᠥᠭᠦᠷᠢᠭ ᠪᠠᠭᠤᠯᠭᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠳᠤᠲᠠᠭᠤᠳᠠᠯ ᠢ ᠭᠦᠶ᠋ᠴᠡᠳ ᠨᠥᠬᠦᠪᠥᠷᠢᠯᠡᠬᠦ ᠶᠢ ᠳᠡᠮᠵᠢᠵᠦ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠶᠢ ᠳᠡᠮᠵᠢᠪᠡ︔ ᠬᠤᠶᠠᠷ ᠲᠤ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠥᠬᠦᠪᠥᠷᠢ ᠵᠠᠷᠤᠳᠠᠯ ᠢ 41 . 87  ᠳ᠋ᠦᠩᠰᠢᠭᠤᠷ ᠲᠥᠭᠦᠷᠢᠭ ᠪᠠᠭᠤᠯᠭᠠᠵᠤ᠂ ︽ᠬᠤᠶᠠᠷ ᠢ ᠬᠡᠯᠲᠦᠷᠢᠭᠦᠯᠵᠦ ᠬᠤᠶᠠᠷ ᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ︵ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ᠂ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ ᠦᠭᠡᠶ ᠪᠠᠷ ᠬᠠᠩᠭᠠᠬᠤ ᠵᠢᠴᠢ ᠪᠠᠶᠢᠷᠢ ᠳᠤ ᠰᠠᠭᠤᠬᠤ ᠰᠤᠷᠤᠭᠴᠢ ᠶᠢᠨ ᠪᠠᠶᠢᠷᠢ ᠳᠤ ᠰᠠᠭᠤᠬᠤ ᠰᠦᠢᠳᠬᠡᠯ ᠤᠨ ᠨᠥᠬᠦᠪᠥᠷᠢ ᠪᠣᠯᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ ᠶᠢᠨ ᠠᠮᠢᠳᠤᠷᠠᠯ ᠤᠨ ᠰᠦᠢᠳᠬᠡᠯ ᠤᠨ ᠨᠥᠬᠦᠪᠥᠷᠢ︶ ᠪᠣᠯᠤᠨ ᠰᠢᠮ᠎ᠡ ᠲᠡᠵᠢᠭᠡᠯᠲᠦ ᠬᠤᠭᠤᠯᠠ ᠤᠮᠳᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠬᠡᠷᠡᠭᠯᠡᠵᠦ᠂ ᠲᠠᠷᠢᠶᠠᠯᠠᠬᠤ ᠮᠠᠯᠵᠢᠬᠤ ᠣᠷᠣᠨ ᠤ ᠰᠤᠷᠭᠠᠭᠤᠯᠢ ᠶᠢᠨ ᠪᠠᠶᠢᠷᠢ ᠶᠢᠨ ᠭᠡᠷ ᠤᠨ ᠠᠮᠤᠷ ᠲᠦᠪᠰᠢᠨ ᠢ ᠪᠠᠲᠤᠯᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠬᠢᠭᠡᠳ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠰᠠᠶᠢᠵᠢᠷᠠᠭᠤᠯᠤᠨ ᠳᠡᠭᠡᠭᠰᠢᠯᠡᠭᠦᠯᠦᠨ᠎ᠡ︔ ᠭᠤᠷᠪᠠ ᠳᠤ 10 . 65 ᠳ᠋ᠦᠩᠰᠢᠭᠤᠷ ᠲᠥᠭᠦᠷᠢᠭ ᠪᠠᠯᠠ ᠮᠥᠩᠭᠦ ᠪᠠᠭᠤᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠡᠷᠭᠢᠯᠡᠬᠦ ᠦᠨᠳᠦᠰᠦᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠬᠤᠲᠠ ᠪᠠᠯᠭᠠᠰᠤᠨ ᠤ ᠰᠤᠷᠭᠠᠭᠤᠯᠢ ᠶᠢᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠡᠮᠬᠢ ᠵᠢᠷᠤᠮ ᠲᠠᠢ ᠪᠠᠷ ᠥᠷᠭᠡᠳᠬᠡᠵᠦ᠂ ᠰᠤᠷᠭᠠᠭᠤᠯᠢ ᠡᠷᠭᠢᠯᠡᠬᠦ ᠪᠠᠭᠤᠷᠠᠶ ᠭᠤᠭᠴᠤᠭ᠎ᠠ ᠣᠷᠣᠰᠢᠵᠤ ᠪᠠᠶᠢᠭ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠨᠥᠬᠦᠴᠡᠯ ᠢᠶᠠᠨ ᠰᠠᠶᠢᠵᠢᠷᠠᠭᠤᠯᠵᠤ᠂ ᠰᠤᠷᠭᠠᠭᠤᠯᠢ ᠡᠷᠭᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠪᠡ︔ ᠳᠥᠷᠪᠡ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠠᠮᠢᠶ᠎ᠠ ᠪᠥᠬᠦᠶ ᠪᠠᠯᠠ ᠮᠥᠩᠭᠦ ᠶᠢ 12 . 26 ᠳ᠋ᠦᠩᠰᠢᠭᠤᠷ ᠲᠥᠭᠦᠷᠢᠭ ᠪᠠᠭᠤᠯᠭᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠮᠡᠳᠡᠭᠡ ᠵᠠᠩᠭᠢᠵᠢᠯᠲᠠ ᠶᠢᠨ ᠲᠥᠬᠦᠭᠡᠷᠦᠮᠵᠢ ᠬᠤᠳᠠᠯᠳᠤᠨ ᠠᠪᠬᠤ ᠪᠠ ᠵᠢᠭᠠᠨ ᠰᠤᠷᠭᠠᠯᠲᠠ ᠳᠤ ᠬᠡᠷᠡᠭᠯᠡᠬᠦ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠵᠡᠷᠭᠡ ᠶᠢ ᠳᠡᠮᠵᠢᠪᠡ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号