ᠲᠠᠪᠤᠳᠤᠭᠠᠷ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠤᠯᠢ ᠲᠦᠭᠡᠮᠡᠯᠵᠢᠭᠦᠯᠬᠦ ᠮᠡᠳᠡᠯᠭᠡ ᠶᠢᠨ ᠤᠷᠤᠯᠳᠤᠭᠠᠨ ᠤ ᠶᠡᠷᠦᠩᠬᠡᠶ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠨᠡᠷᠡᠰ ᠢ ᠨᠡᠶᠢᠲᠡᠯᠡᠪᠡ
ᠨᠡᠶᠢᠲᠡᠯᠡᠭᠰᠡᠨ ᠴᠠᠭ᠄
2024/8/28
    ᠲᠦᠷᠦᠭᠦᠬᠡᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠬᠠᠤᠯᠢ ᠴᠠᠭᠠᠵᠠ ᠶᠢᠨ ᠶᠠᠮᠤᠨ ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ᠂ ᠪᠥᠬᠦ ᠤᠯᠤᠰ ᠤᠨ ᠬᠠᠤᠯᠢ ᠲᠦᠭᠡᠮᠡᠯᠵᠢᠭᠦᠯᠬᠦ ᠠᠯᠪᠠᠨ ᠬᠡᠷ ᠬᠠᠮᠲᠤᠷᠠᠨ ᠡᠷᠭᠢᠯᠡᠭᠰᠡᠨ ᠲᠠᠪᠤᠳᠤᠭᠠᠷ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠤᠯᠢ ᠲᠦᠭᠡᠮᠡᠯᠵᠢᠭᠦᠯᠬᠦ ᠮᠡᠳᠡᠯᠭᠡ ᠶᠢᠨ ᠤᠷᠤᠯᠳᠤᠭᠠᠨ ᠤ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠭᠤᠭᠴᠤᠭ᠎ᠠ ᠳᠠᠭᠤᠰᠴᠤ᠂ ᠨᠡᠶᠢᠲᠡ 10 ᠮᠤᠵᠢ ᠣᠷᠣᠨ ᠪᠠ 10 ᠲᠥᠪ ᠤᠨ ᠠᠵᠤ ᠠᠬᠤᠶᠢᠯᠠᠯ ᠶᠡᠷᠦᠩᠬᠡᠶ ᠰᠢᠢᠳᠪᠦᠷᠢᠲᠦ ᠤᠷᠤᠯᠳᠤᠭᠠᠨ ᠳᠤ ᠣᠷᠣᠯᠴᠠᠵᠤ᠂ ᠶᠡᠷᠦᠩᠬᠡᠶ ᠰᠢᠢᠳᠪᠦᠷᠢᠲᠦ ᠤᠷᠤᠯᠳᠤᠭᠠᠨ ᠳᠤ ᠪᠣᠳᠠᠲᠤ ᠠᠵᠢᠯᠯᠠᠭᠠᠨ ᠤ ᠤᠷᠤᠯᠳᠤᠭᠠᠨ ᠪᠠ ᠮᠡᠳᠡᠯᠭᠡ ᠶᠢᠨ ᠥᠷᠢᠰᠥᠯᠳᠦᠭᠡᠨ ᠪᠠ ᠬᠠᠷᠢᠭᠤᠯᠲᠠ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ 10 ᠰᠠᠷ᠎ᠠ ᠶᠢᠨ ᠳᠤᠮᠳᠠᠴᠢ ᠪᠠᠷ ᠬᠤᠪᠸᠢ ᠮᠤᠵᠢ ᠶᠢᠨ ᠢᠴᠠᠩ ᠬᠤᠲᠠ ᠳᠤ ᠶᠠᠪᠤᠭᠳᠠᠬᠤ ᠪᠣᠯᠤᠨ᠎ᠠ᠃    ᠲᠤᠰ ᠤᠳᠠᠭᠠᠨ ᠤ ᠤᠷᠤᠯᠳᠤᠭᠠᠨ ᠤ ᠠᠵᠢᠯᠯᠠᠭ᠎ᠠ ᠨᠢ ︽ᠪᠠᠴᠢᠮ ᠪᠠᠶᠢᠳᠠᠯ ᠢ ᠠᠷᠭᠠᠴᠠᠭᠠᠬᠤ ᠬᠠᠤᠯᠢᠵᠢᠯ ᠢ ᠠᠬᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ︾ ᠪᠠᠷ ᠭᠤᠣᠯ ᠰᠡᠳᠦᠪ ᠪᠣᠯᠭᠠᠵᠤ᠂ ᠰᠦᠯᠵᠢᠶᠡᠨ ᠳᠡᠭᠡᠷ᠎ᠡ 20 ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠃ ᠡᠯ᠎ᠡ ᠭᠠᠵᠠᠷ ᠣᠷᠣᠨ᠂ ᠡᠯ᠎ᠡ ᠨᠢᠭᠡᠴᠡ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠥᠷᠭᠡᠨ ᠢᠶᠠᠷ ᠳᠠᠶᠢᠴᠢᠯᠠᠨ᠂ ᠰᠠᠶᠢᠨ ᠳᠤᠷ᠎ᠠ ᠠᠴᠠ ᠪᠠᠨ ᠣᠷᠣᠯᠴᠠᠵᠤ᠂ ᠰᠡᠳᠦᠪ ᠬᠠᠷᠢᠭᠤᠯᠬᠤ ᠪᠥᠬᠦ ᠬᠥᠮᠦᠨ ᠤ ᠲᠤᠭ᠎ᠠ 759 ᠲᠦᠮᠡ ᠶᠢ ᠳᠠᠪᠠᠵᠤ᠂ ᠰᠡᠳᠦᠪ ᠬᠠᠷᠢᠭᠤᠯᠤᠭᠰᠠᠨ ᠬᠡᠮᠵᠢᠶ᠎ᠡ 7 ᠳ᠋ᠦᠩᠰᠢᠭᠤᠷ ᠢ ᠳᠠᠪᠠᠵᠤ᠂ ᠲᠠᠪᠴᠠᠩ ᠤᠨ ᠲᠣᠪᠴᠢᠳᠠᠭᠰᠠᠨ ᠬᠡᠮᠵᠢᠶ᠎ᠡ 17 ᠳ᠋ᠦᠩᠰᠢᠭᠤᠷ ᠢ ᠳᠠᠪᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠤᠯᠢ ᠲᠦᠭᠡᠮᠡᠯᠵᠢᠭᠦᠯᠬᠦ ᠬᠠᠤᠯᠢ ᠰᠤᠷᠬᠤ ᠬᠠᠯᠠᠭᠤᠨ ᠥᠷᠨᠢᠯᠲᠡ ᠶᠢ ᠪᠣᠶ ᠪᠣᠯᠭᠠᠵᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠪᠠ᠃ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠪᠠ ᠰᠦᠯᠵᠢᠶᠡᠨ ᠳᠡᠭᠡᠷ᠎ᠡ ᠰᠡᠳᠦᠪ ᠬᠠᠷᠢᠭᠤᠯᠤᠭᠰᠠᠨ ᠪᠠᠶᠢᠳᠠᠯ ᠢ ᠦᠨᠳᠦᠰᠦᠯᠡᠪᠡᠯ᠂ ᠨᠡᠶᠢᠲᠡ 10 ᠮᠤᠵᠢ ᠣᠷᠣᠨ ᠪᠠ 10 ᠲᠥᠪ ᠤᠨ ᠠᠵᠤ ᠠᠬᠤᠶᠢᠯᠠᠯ ᠶᠡᠷᠦᠩᠬᠡᠶ ᠰᠢᠢᠳᠪᠦᠷᠢᠲᠦ ᠤᠷᠤᠯᠳᠤᠭᠠᠨ ᠳᠤ ᠣᠷᠣᠪᠠ᠂ ᠡᠨᠡ 10 ᠮᠤᠵᠢ ᠣᠷᠣᠨ ᠨᠢ ᠲᠣᠰ ᠲᠣᠰ᠄ ᠭᠤᠸᠠᠩᠳᠦ᠋ᠩ᠂ ᠬᠤᠪᠸᠢ᠂ ᠱᠠᠨᠳᠦ᠋ᠩ᠂ ᠵᠢᠶᠠᠩᠰᠦ᠂ ᠭᠠᠨᠰᠦ᠂ ᠠᠨᠾᠦ᠋ᠢ᠂ ᠯᠢᠶᠣᠤᠨᠢᠩ᠂ ᠬᠤᠨᠠᠨ᠂ ᠾᠧᠪᠧᠶ᠂ ᠾᠧᠨᠠᠨ ᠪᠣᠯᠤᠨ᠎ᠠ︔ ᠲᠥᠪ ᠤᠨ 10 ᠠᠵᠤ ᠠᠬᠤᠶᠢᠯᠠᠯ ᠨᠢ ᠳᠤᠰ ᠳᠤᠰ᠄ ᠤᠯᠤᠰ ᠤᠨ ᠴᠠᠬᠢᠯᠭᠠᠨ ᠲᠣᠣᠷ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠳᠤᠰᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠂ ᠤᠯᠤᠰ ᠤᠨ ᠡᠨᠧᠷᠭᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠤᠳᠠᠯᠳᠤᠭᠠᠴᠢᠨ ᠤᠷᠢᠬᠤ ᠲᠣᠪᠴᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠳᠡᠮᠤᠷ ᠵᠠᠮ ᠤᠨ ᠪᠠᠷᠢᠯᠭ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠤᠸᠠ ᠷᠦᠨ ︵ᠪᠦᠯᠦᠭᠯᠡᠯ︶ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠬᠦᠩᠭᠡᠨ ᠴᠠᠭᠠᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠪᠠᠷᠢᠯᠭ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠨᠢᠭᠡᠳᠦᠭᠡᠷ ᠮᠠᠰᠢᠨ ᠲᠡᠷᠭᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠥᠮ᠎ᠡ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠪᠣᠯᠤᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号