ᠥᠪᠥᠷ ᠮᠣᠩᠭᠤᠯ ᠵᠢᠭᠤᠯᠴᠢᠯᠠᠯ ᠢᠶᠠᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠵᠠᠮ ᠬᠠᠷᠢᠯᠴᠠᠭᠠᠨ ᠤ ᠰᠣᠳᠣᠨ ᠱᠤᠭᠤᠮ ︽ᠠᠭᠤᠰᠤᠯᠴᠠᠭ᠎ᠠ ᠶᠢᠨ ᠵᠠᠮ︾ ᠢ ᠲᠠᠨᠢᠯᠴᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2024/8/28
    2024 ᠣᠨ ᠤ 8 ᠳ᠋ᠤᠭᠠᠷ ᠰᠠᠷ᠎ᠠ ᠶᠢᠨ 17 ᠠᠴᠠ 18 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ ᠵᠢᠯᠣᠭᠤᠳᠴᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠲᠠ ᠶᠢᠨ ᠦᠨᠳᠦᠰᠦᠲᠡᠨ ᠤ ᠵᠥᠪᠯᠡᠯ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠢᠴᠢ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠭᠰᠡᠨ ᠵᠢᠭᠤᠯᠴᠢᠯᠠᠯ ᠢᠶᠠᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠵᠠᠮ ᠬᠠᠷᠢᠯᠴᠠᠭᠠᠨ ᠤ ᠰᠣᠳᠣᠨ ᠱᠤᠭᠤᠮ ︽ᠠᠭᠤᠰᠤᠯᠴᠠᠭ᠎ᠠ ᠶᠢᠨ ᠵᠠᠮ︾ ᠢ ᠲᠠᠨᠢᠯᠴᠠᠭᠤᠯᠤᠨ ᠳᠡᠯᠭᠡᠷᠡᠭᠦᠯᠬᠦ ᠠᠵᠢᠯᠯᠠᠭ᠎ᠠ ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠳᠤ ᠶᠠᠪᠤᠭᠳᠠᠪᠠ᠃ ᠤᠯᠤᠰ ᠤᠨ ᠦᠨᠳᠦᠰᠦᠲᠡᠨ ᠤ ᠵᠥᠪᠯᠡᠯ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠵᠤᠷᠭᠠᠨ᠂ ᠦᠨᠳᠦᠰᠦᠲᠡᠨ ᠤ ᠪᠦᠯᠬᠦᠮᠳᠡᠯ ᠰᠡᠳᠬᠦᠯ ᠤᠨ ᠬᠤᠷᠢᠶ᠎ᠠ᠂ ᠦᠨᠳᠦᠰᠦᠲᠡᠨ ᠤ ᠵᠢᠷᠤᠭᠲᠤ ᠰᠡᠳᠬᠦᠯ᠂ ᠳᠤᠮᠳᠠᠳᠤ ᠤᠯᠤᠰ ᠤᠨ ᠦᠨᠳᠦᠰᠦᠲᠡᠨ ᠰᠣᠨᠢᠨ ᠤ ᠬᠤᠯᠪᠣᠭᠳᠠᠯ ᠪᠥᠬᠦᠶ ᠤᠳᠤᠷᠢᠳᠬᠤ ᠺᠠᠳ᠋ᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠮᠡᠯ ᠹᠷᠣᠨᠲ᠂ ᠦᠨᠳᠦᠰᠦᠲᠡᠨ᠂ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠤᠳᠤᠷᠢᠳᠬᠤ ᠺᠠᠳ᠋ᠷ᠂ ᠪᠡᠭᠡᠵᠢᠩ ᠬᠤᠲᠠ᠂ ᠾᠤᠪᠸᠢ ᠮᠤᠵᠢ᠂ ᠱᠠᠨ ᠰᠢ ᠮᠤᠵᠢ᠂ ᠾᠧᠨᠠᠨ ᠮᠤᠵᠢ᠂ ᠬᠠᠷᠠᠮᠥ᠋ᠷᠡᠨ ᠮᠤᠵᠢ ᠶᠢᠨ ᠨᠢᠭᠡᠳᠦᠮᠡᠯ ᠹᠷᠣᠨᠲ᠂ ᠦᠨᠳᠦᠰᠦᠲᠡᠨ ᠤ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠤᠳᠤᠷᠢᠳᠬᠤ ᠺᠠᠳ᠋ᠷ᠂ ᠥᠪᠥᠷ ᠮᠣᠩᠭᠤᠯ ᠤᠨ ᠬᠥᠬᠡᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠴᠠᠪ ᠬᠤᠲᠠ᠂ ᠱᠠᠨ ᠰᠢ ᠮᠤᠵᠢ ᠶᠢᠨ ᠳ᠋ᠠᠲ᠋ᠦ᠋ᠩ ᠬᠤᠲᠠ᠂ ᠾᠧᠨᠠᠨ ᠮᠤᠵᠢ ᠶᠢᠨ ᠯᠥᠸᠧᠶᠠᠩ ᠬᠤᠲᠠ ᠵᠡᠷᠭᠡ ᠭᠠᠵᠠᠷ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠤᠳᠤᠷᠢᠳᠬᠤ ᠺᠠᠳ᠋ᠷ ᠵᠢᠴᠢ ᠬᠤᠯᠪᠣᠭᠳᠠᠯ ᠪᠥᠬᠦᠶ ᠭᠠᠵᠠᠷ ᠣᠷᠣᠨ ᠤ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠪᠦᠯᠬᠦᠮ ᠲᠣᠰ ᠤᠳᠠᠭᠠᠨ ᠤ ᠲᠠᠨᠢᠯᠴᠠᠭᠤᠯᠤᠨ ᠳᠡᠯᠭᠡᠷᠡᠭᠦᠯᠬᠦ ᠠᠵᠢᠯᠯᠠᠭ᠎ᠠ ᠳᠤ ᠣᠷᠣᠯᠴᠠᠪᠠ᠃    ᠲᠠᠨᠢᠯᠴᠠᠭᠤᠯᠤᠨ ᠳᠡᠯᠭᠡᠷᠡᠭᠦᠯᠬᠦ ᠠᠵᠢᠯᠯᠠᠭ᠎ᠠ ᠶᠢᠨ ᠤᠳᠤᠷᠢᠳᠤᠮᠵᠢ ᠨᠢ ᠢᠯᠡ ᠲᠣᠳᠣ᠃ ᠲᠣᠰ ᠠᠵᠢᠯᠯᠠᠭ᠎ᠠ ᠨᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠤᠯ ᠰᠢᠵᠢᠮ ᠲᠠᠢ ᠨᠢᠭᠲᠠ ᠤᠶᠠᠯᠳᠤᠭᠤᠯᠵᠤ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠣᠯᠴᠠᠭ᠎ᠠ ᠶᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠬᠦ ᠲᠤᠬᠠᠶ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠨᠢ ᠤᠳᠠᠭᠠᠨ ᠲᠡᠦᠬᠡ ᠰᠣᠶᠣᠯ ᠪᠠ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠵᠢᠭᠤᠯᠴᠢᠯᠠᠯ ᠤᠨ ᠡᠬᠢ ᠪᠠᠶᠠᠯᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠦᠨ᠎ᠡ ᠥᠷᠲᠡᠭ ᠤᠨ ᠠᠭᠤᠯᠤᠭᠳᠠᠬᠤᠨ ᠢ ᠳᠡᠭᠡᠭᠰᠢᠯᠡᠭᠦᠯᠬᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠲᠠᠪᠴᠠᠩ ᠪᠠ ᠠᠴᠢᠶᠠᠯᠠᠭᠴᠢ ᠪᠣᠯᠭᠠᠬᠤ ᠪᠠᠷ ᠬᠦᠴᠦᠯᠡᠨ ᠴᠢᠷᠮᠠᠶᠢᠪᠠ᠃     ᠲᠠᠨᠢᠯᠴᠠᠭᠤᠯᠤᠨ ᠳᠡᠯᠭᠡᠷᠡᠭᠦᠯᠬᠦ ᠠᠵᠢᠯᠯᠠᠭ᠎ᠠ ᠶᠢᠨ ᠬᠠᠷᠠᠯᠲᠠ ᠨᠢ ᠲᠣᠳᠣᠷᠬᠠᠶ᠃ ᠠᠵᠢᠯᠯᠠᠭ᠎ᠠ ᠨᠢ ᠲᠣᠪᠠ ᠰᠢᠶᠡᠨᠪᠢ ᠶᠢᠨ ᠡᠭᠦᠰᠦᠯ ᠤᠨ ᠭᠠᠵᠠᠷ ᠪᠣᠯᠬᠤ ᠭᠠᠰᠢᠶᠠᠨ ᠠᠭᠤᠢ ᠶᠢᠨ ᠦᠵᠡᠮᠵᠢ ᠶᠢᠨ ᠣᠷᠣᠨ ᠤ ᠡᠬᠢ ᠪᠠᠶᠠᠯᠢᠭ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠾᠧᠨᠠᠨ ᠮᠤᠵᠢ᠂ ᠱᠠᠨ ᠰᠢ ᠮᠤᠵᠢ ᠵᠡᠷᠭᠡ ᠬᠠᠮᠢᠶ᠎ᠠ ᠪᠥᠬᠦᠶ ᠭᠠᠵᠠᠷ ᠣᠷᠣᠨ ᠤ ᠵᠢᠭᠤᠯᠴᠢᠯᠠᠯ ᠤᠨ ᠡᠬᠢ ᠪᠠᠶᠠᠯᠢᠭ ᠪᠣᠯᠤᠨ ᠲᠣᠪᠠ ᠰᠢᠶᠡᠨᠪᠢ ᠶᠢᠨ ᠨᠡᠭᠦᠳᠡᠯ ᠪᠠ ᠬᠥᠭᠵᠢᠯᠲᠡ ᠶᠢᠨ ᠲᠡᠦᠬᠡ ᠪᠠᠷ ᠠᠴᠢᠶᠠᠯᠠᠭᠴᠢ ᠪᠣᠯᠭᠠᠵᠤ᠂ ᠡᠯ᠎ᠡ ᠭᠠᠵᠠᠷ ᠣᠷᠣᠨ ᠢ ᠬᠤᠯᠪᠣᠭᠰᠠᠨ ᠵᠢᠭᠤᠯᠴᠢᠯᠠᠯ ᠢᠶᠠᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠵᠠᠮ ᠬᠠᠷᠢᠯᠴᠠᠭᠠᠨ ᠤ ᠰᠣᠳᠣᠨ ᠱᠤᠭᠤᠮ ︽ᠠᠭᠤᠰᠤᠯᠴᠠᠭ᠎ᠠ ᠶᠢᠨ ᠵᠠᠮ︾ ᠢ ᠭᠠᠷᠭᠠᠪᠠ᠃ ᠵᠠᠮ ᠱᠤᠭᠤᠮ ᠨᠢ ᠥᠪᠥᠷ ᠮᠣᠩᠭᠤᠯ ᠤᠨ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠬᠥᠬᠡᠬᠤᠲᠠ ᠵᠢᠴᠢ ᠱᠠᠨ ᠰᠢ ᠶᠢᠨ ᠳ᠋ᠠᠲ᠋ᠦ᠋ᠩ ᠬᠤᠲᠠ᠂ ᠾᠧᠨᠠᠨ ᠤ ᠯᠦᠸᠧᠶᠠᠩ ᠬᠤᠲᠠ ᠵᠡᠷᠭᠡ ᠭᠠᠵᠠᠷ ᠣᠷᠣᠨ ᠢ ᠬᠤᠯᠪᠣᠵᠤ ᠪᠠᠶᠢᠳᠠᠭ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠵᠤ᠂ ᠵᠠᠮ ᠳᠠᠭᠠᠤ ᠶᠢᠨ ᠡᠯ᠎ᠡ ᠭᠠᠵᠠᠷ ᠤᠨ ᠵᠢᠭᠤᠯᠴᠢᠯᠠᠯ ᠤᠨ ᠳᠡᠯᠭᠡᠷᠡᠭᠦᠯᠦᠯᠲᠡ ᠲᠠᠨᠢᠯᠴᠠᠭᠤᠯᠭ᠎ᠠ᠂ ᠤᠬᠠᠭᠤᠯᠭ᠎ᠠ ᠵᠢᠯᠣᠭᠤᠳᠣᠯᠭ᠎ᠠ᠂ ᠠᠭᠤᠯᠤᠭᠳᠠᠬᠤᠨ ᠤ ᠳᠡᠭᠡᠭᠰᠢᠯᠡᠯᠲᠡ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠵᠡᠷᠭᠡ ᠲᠠᠯ᠎ᠠ ᠪᠠᠷ ᠬᠢ ᠬᠠᠮᠲᠤᠷᠠᠯᠴᠠᠭ᠎ᠠ ᠰᠣᠯᠢᠯᠴᠠᠭ᠎ᠠ ᠶᠢ ᠤᠯᠠᠮ ᠨᠢᠭᠡ ᠠᠯᠬᠤᠮ ᠬᠥᠭᠵᠢᠭᠡᠵᠦ᠂ ᠡᠯᠪᠡᠭ ᠪᠠᠶᠠᠯᠢᠭ ᠲᠡᠦᠬᠡ ᠰᠣᠶᠣᠯ ᠤᠨ ᠡᠬᠢ ᠪᠠᠶᠠᠯᠢᠭ᠂ ᠰᠢᠨ᠎ᠡ ᠰᠡᠪᠡᠭᠦᠨ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠠᠷᠭ᠎ᠠ ᠬᠡᠯᠪᠡᠷᠢ ᠪᠠ ᠣᠯᠠᠨ ᠶᠠᠩᠵᠤ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠳᠡᠯᠭᠡᠷᠡᠭᠦᠯᠬᠦ ᠵᠠᠭᠪᠤᠷ ᠢᠶᠠᠷ ᠳᠤᠮᠳᠠᠳᠤ ᠶᠢᠨ ᠦᠨᠳᠦᠰᠦᠲᠡᠨ ᠤ ᠣᠯᠠᠨ ᠡᠰᠢᠵᠢᠯ ᠠᠴᠠ ᠨᠢᠭᠡ ᠴᠣᠭᠴᠠᠵᠢᠭᠰᠠᠨ ᠲᠡᠦᠬᠡᠨ ᠳᠤᠮᠳᠠ ᠠᠮᠢᠳᠤᠯᠢᠭ ᠢᠶᠠᠷ ᠶᠠᠷᠢᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠬᠢᠴᠠ ᠳᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠪᠠ᠃    ᠳᠡᠯᠭᠡᠷᠡᠭᠦᠯᠦᠨ ᠲᠠᠨᠢᠯᠴᠠᠭᠤᠯᠬᠤ ᠠᠵᠢᠯᠯᠠᠭ᠎ᠠ ᠶᠢᠨ ᠠᠭᠤᠯᠭ᠎ᠠ ᠨᠢ ᠪᠠᠶᠠᠯᠢᠭ᠃ ᠠᠵᠢᠯᠯᠠᠭ᠎ᠠ ᠳᠤ ᠵᠢᠭᠤᠯᠴᠢᠯᠠᠯ ᠤᠨ ᠡᠬᠢ ᠪᠠᠶᠠᠯᠢᠭ ᠢ ᠲᠠᠨᠢᠯᠴᠠᠭᠤᠯᠬᠤ ᠭᠤᠭᠴᠤᠭ᠎ᠠ ᠲᠣᠬᠢᠷᠠᠭᠤᠯᠵᠤ᠂ ᠱᠠᠨ ᠰᠢ ᠮᠤᠵᠢ ᠶᠢᠨ ᠳ᠋ᠠᠲ᠋ᠦ᠋ᠩ ᠬᠤᠲᠠ᠂ ᠾᠧᠨᠠᠨ ᠮᠤᠵᠢ ᠶᠢᠨ ᠯᠦᠸᠧᠶᠠᠩ ᠬᠤᠲᠠ ᠵᠡᠷᠭᠡ ᠭᠠᠵᠠᠷ ᠣᠷᠣᠨ ᠲᠣᠰ ᠭᠠᠵᠠᠷ ᠣᠷᠣᠨ ᠤ ᠪᠠᠨ ︽ᠠᠭᠤᠰᠤᠯᠴᠠᠭ᠎ᠠ ᠶᠢᠨ ᠵᠠᠮ︾ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠲᠣᠭᠤᠷᠢᠨ ᠳᠤ ᠰᠣᠯᠢᠯᠴᠠᠭ᠎ᠠ ᠪᠠ ᠲᠠᠨᠢᠯᠴᠠᠭᠤᠯᠭ᠎ᠠ ᠬᠢᠪᠠ᠃ ︽ᠠᠭᠤᠰᠤᠯᠴᠠᠭ᠎ᠠ ᠶᠢᠨ ᠵᠠᠮ︾ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠭᠤᠯᠤᠭᠳᠠᠬᠤᠨ ᠢ ᠲᠣᠳᠣᠷᠬᠠᠶᠢᠯᠠᠨ ᠲᠠᠶᠢᠯᠪᠤᠷᠢᠯᠠᠬᠤ ᠭᠤᠭᠴᠤᠭ᠎ᠠ ᠲᠣᠬᠢᠷᠠᠭᠤᠯᠵᠤ᠂ ᠤᠯᠤᠰ ᠤᠨ ᠦᠨᠳᠦᠰᠦᠲᠡᠨ ᠤ ᠵᠥᠪᠯᠡᠯ ᠤᠨ ᠦᠨᠳᠦᠰᠦᠲᠡᠨ ᠤ ᠪᠦᠯᠬᠦᠮᠳᠡᠯ ᠰᠡᠳᠬᠦᠯ ᠤᠨ ᠬᠤᠷᠢᠶ᠎ᠠ ᠶᠢᠨ ᠳᠡᠳ᠋ ᠳᠠᠷᠤᠭ᠎ᠠ᠂ ᠳᠡᠳ᠋ ᠶᠡᠷᠦᠩᠬᠡᠶ ᠨᠠᠶᠢᠷᠠᠭᠤᠯᠤᠭᠴᠢ ᠦ᠋ ᠰᠢᠶᠤᠤ ᠬᠤᠸᠠ᠂ ᠬᠥᠯᠥᠨ ᠪᠤᠶᠢᠷ ᠤᠨ ᠮᠦᠽᠧᠶ ᠶᠢᠨ ᠤᠤᠯ ᠤᠨ ᠵᠠᠬᠢᠷᠤᠯ ᠪᠠᠶ ᠶᠢᠨ ᠰᠥᠩ ᠵᠡᠷᠭᠡ ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠯᠭᠡᠵᠦ᠂ ᠲᠤᠪᠠ ᠰᠢᠶᠡᠨᠪᠢ ᠶᠢᠨ ᠨᠡᠭᠦᠳᠡᠯ ᠪᠠ ᠬᠥᠭᠵᠢᠯᠲᠡ ᠶᠢᠨ ᠲᠡᠦᠬᠡ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠣᠳᠣᠷᠬᠠᠶᠢᠯᠠᠨ ᠲᠠᠶᠢᠯᠪᠤᠷᠢᠯᠠᠪᠠ᠃ ᠣᠷᠴᠣᠨ ᠦᠨᠳᠦᠰᠦᠲᠡᠨ ᠤ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ ᠭᠤᠭᠴᠤᠭ᠎ᠠ ᠶᠢ ᠲᠣᠬᠢᠷᠠᠭᠤᠯᠵᠤ᠂ ᠥᠪᠥᠷ ᠮᠣᠩᠭᠤᠯ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠪᠠ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠤᠰᠴᠤ᠂ ᠨᠠᠮ ᠢᠶᠠᠨ ᠲᠠᠭᠠᠨ ᠤᠷᠤᠭᠰᠢᠯᠠᠬᠤ ᠡᠷᠬᠢᠮ ᠨᠠᠨᠳᠢᠨ ᠵᠠᠩ ᠴᠢᠨᠠᠷ ᠢ ᠭᠦᠢᠴᠡᠳ ᠢᠯᠡᠷᠡᠭᠦᠯᠪᠡ᠃ ᠠᠵᠢᠯᠯᠠᠭ᠎ᠠ ᠳᠤ ᠣᠷᠣᠯᠴᠠᠭᠰᠠᠳ ᠪᠠᠰᠠ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠤᠭᠰᠠᠨ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤ ᠨᠢ ᠲᠣᠭᠤᠷᠢᠨ ᠦᠵᠡᠪᠡ᠃    ᠣᠷᠴᠢᠮ ᠤᠨ ᠵᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠤᠯ ᠰᠢᠵᠢᠮ ᠢ ᠪᠠᠷᠢᠮᠳᠠᠯᠠᠵᠤ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠤᠶᠤᠯ ᠢ ᠢᠯᠡᠷᠡᠭᠦᠯᠬᠦ ᠶᠢ ᠪᠠᠷᠢᠮᠳᠠᠯᠠᠵᠤ᠂ ᠵᠢᠭᠤᠯᠴᠢᠯᠠᠯ ᠤᠨ ᠡᠬᠢ ᠪᠠᠶᠠᠯᠢᠭ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠦᠨ᠎ᠡ ᠥᠷᠲᠡᠭ ᠤᠨ ᠠᠭᠤᠯᠤᠭᠳᠠᠬᠤᠨ ᠢ ᠣᠯᠭᠤᠬᠤ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠭᠦᠯᠵᠦ᠂ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠤᠨ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠪᠠ ᠬᠤᠪᠢᠰᠬᠠᠯ ᠤᠨ ᠭᠧᠨ ᠢ ᠵᠤᠵᠠᠭᠠᠳᠬᠠᠵᠤ᠂ ᠦᠨᠳᠦᠰᠦᠲᠡᠨ ᠨᠦᠭᠦᠳ ᠤᠨ ᠵᠤᠭᠠᠴᠠᠭᠰᠠᠳ ᠢ ᠵᠢᠭᠤᠯᠴᠢᠯᠠᠨ ᠰᠣᠨᠢᠷᠬᠠᠬᠤ ᠳᠤᠮᠳᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠨᠥᠯᠥᠭᠡᠯᠡᠯ ᠢ ᠤᠬᠠᠮᠰᠠᠷ ᠠᠴᠠ ᠪᠠᠨ ᠬᠦᠯᠢᠶᠡᠨ ᠠᠪᠬᠤ ᠪᠣᠯᠭᠠᠵᠤ᠂ ᠰᠤᠯᠠ ᠰᠡᠯᠡᠭᠦᠦ ᠴᠠᠭ ᠮᠥᠴᠡ ᠳᠤ ᠤᠬᠠᠮᠰᠠᠷ ᠠᠴᠠ ᠪᠠᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠳᠤ ᠣᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠪᠠ ᠰᠢᠨ᠎ᠡ ᠵᠠᠮ ᠨᠡᠭᠡᠭᠡᠵᠦ᠂ ᠳᠤᠮᠳᠠ ᠪᠠᠶᠢᠷᠢᠨ ᠳᠤ ᠣᠷᠣᠬᠤ ᠳᠤ ᠣᠶᠤᠨ ᠰᠠᠨᠠᠭᠠᠨ ᠤ ᠬᠥᠳᠡᠯᠭᠡᠬᠦ ᠬᠦᠴᠦᠨ ᠢ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠡᠶ᠃
 
ᠢᠷᠡᠯᠲᠡ᠄ ᠦᠨᠳᠦᠰᠦᠳᠡᠨ ᠦ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号