ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ | ᠳᠣᠲᠣᠭᠠᠳᠤ ᠶᠢ ᠬᠠᠮᠠᠭᠠᠯᠠᠬᠤ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠮᠠᠰᠢᠨ ᠲᠡᠷᠭᠡᠨ ᠤ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠶᠢᠨ ᠶᠠᠰᠤ ᠴᠢᠨᠠᠷ ᠢᠲᠡᠭᠡᠮᠵᠢ ᠶᠢ ᠰᠢᠯᠭᠠᠨ ᠬᠢᠨᠠᠬᠤ | ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠵᠦ᠂ ᠲᠣᠰ ᠲᠣᠭᠤᠷᠢᠭ ᠤᠨ ᠮᠠᠰᠢᠨ ᠲᠡᠷᠭᠡᠨ ᠤ ᠵᠢᠯᠣᠭᠤᠴᠢ | ᠪᠣᠯᠪᠠᠰᠤᠷᠠᠭᠤᠯᠬᠤ ᠪᠠᠶᠢᠭᠤᠯᠤᠮᠵᠢ ︵ᠳᠣᠷᠣᠭᠰᠢ ︽ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ︾ ᠭᠡᠵᠦ | ᠲᠣᠪᠴᠢᠯᠠᠨ᠎ᠠ︶ ᠶᠢᠨ ᠡᠵᠡᠩᠨᠡᠯᠲᠡ ᠶᠢᠨ ᠠᠵᠢᠯᠯᠠᠭ᠎ᠠ ᠶᠢ ᠨᠠᠩ ᠪᠤᠰᠤᠳᠴᠢ ᠪᠥᠭᠡᠳ ᠣᠨᠣᠪᠴᠢᠲᠠᠶ ᠦᠨᠡᠯᠡᠵᠦ᠂ | ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠪᠣᠯᠪᠠᠰᠤᠷᠠᠯ ᠤᠨ | ᠦᠢᠯᠡᠴᠢᠯᠡᠭᠡᠨ ᠤ ᠶᠠᠰᠤ ᠴᠢᠨᠠᠷ ᠪᠠ ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ | ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠳᠤ ᠨᠠᠩ ᠰᠠᠶᠢᠲᠤᠷ ᠦᠢᠯᠡᠴᠢᠯᠡᠬᠦ ᠶᠢᠨ ᠲᠥᠯᠥᠭᠡ ᠶᠤᠮ᠃ | ᠨᠢᠭᠡ᠂ ᠲᠣᠭᠲᠠᠭᠠᠬᠤ ᠶᠢᠨ ᠴᠢᠬᠤᠯᠠ ᠴᠢᠨᠠᠷ | ︵ᠨᠢᠭᠡ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃ | 2022 ᠣᠨ ᠤ 3 ᠳ᠋ᠤᠭᠠᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠣᠯᠣᠨ ᠳᠣᠲᠣᠭᠠᠳᠤ ᠶᠢ | ᠬᠠᠮᠠᠭᠠᠯᠠᠬᠤ ᠶᠠᠮᠤᠨ ᠬᠠᠮᠲᠤᠷᠠᠨ ︽ᠮᠠᠰᠢᠨ ᠲᠡᠷᠭᠡ ᠵᠢᠯᠣᠭᠤᠳᠬᠤ ᠪᠣᠯᠪᠠᠰᠤᠷᠠᠯ ᠤᠨ ᠵᠢᠭᠠᠨ ᠰᠤᠷᠭᠠᠯᠲᠠ ᠬᠢᠭᠡᠳ | ᠰᠢᠯᠭᠠᠯᠲᠠ ᠶᠢᠨ ᠬᠥᠲᠥᠯᠪᠦᠷᠢ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠲᠠᠷᠬᠠᠭᠠᠭᠰᠠᠨ ︹2022︺ | 36 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠪᠠ︔ 9 ᠳ᠋ᠦ᠋ᠭᠡᠷ ᠰᠠᠷ᠎ᠠ ᠳᠤ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ ︽ᠮᠠᠰᠢᠨ ᠲᠡᠷᠭᠡᠨ ᠤ ᠵᠢᠯᠣᠭᠤᠴᠢ ᠪᠣᠯᠪᠠᠰᠤᠷᠠᠭᠤᠯᠬᠤ ᠬᠠᠮᠢᠶᠠᠷᠤᠯᠲᠠ ᠶᠢᠨ | ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2022 ᠣᠨ ᠤ 32 ᠳ᠋ᠤᠭᠠᠷ ᠲᠣᠭᠠᠲᠤ︶ | ᠢ ᠳᠠᠷᠤᠮᠠᠯᠯᠠᠨ ᠲᠠᠷᠬᠠᠭᠠᠪᠠ᠃ ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ ᠢ ᠦᠨᠳᠦᠰᠦᠯᠡᠨ ᠵᠢᠯᠣᠭᠤᠴᠢ | ᠪᠣᠯᠪᠠᠰᠤᠷᠠᠭᠤᠯᠬᠤ ᠪᠠᠶᠢᠭᠤᠯᠤᠮᠵᠢ ᠶᠢᠨ ᠶᠠᠰᠤ ᠴᠢᠨᠠᠷ ᠢᠲᠡᠭᠡᠮᠵᠢ ᠶᠢ ᠰᠢᠯᠭᠠᠨ ᠦᠨᠡᠯᠡᠬᠦ ᠰᠢᠰᠲ᠋ᠧᠮ ᠢ | ᠲᠡᠭᠦᠯᠳᠡᠷᠵᠢᠭᠦᠯᠵᠦ᠂ ᠰᠢᠨ᠎ᠡ ᠲᠣᠭᠲᠠᠭᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ︵ᠬᠤᠶᠠᠷ︶ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠮᠠᠰᠢᠨ ᠲᠡᠷᠭᠡᠨ ᠤ | ᠵᠢᠯᠣᠭᠤᠴᠢ ᠪᠣᠯᠪᠠᠰᠤᠷᠠᠭᠤᠯᠬᠤ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠤᠨ ᠪᠣᠳᠠᠲᠠᠶ ᠬᠡᠷᠡᠭᠵᠢᠭᠦᠯᠬᠦ | ᠰᠠᠯᠠᠭ᠎ᠠ ᠮᠥᠴᠢᠷ ᠤᠳ ᠵᠣᠬᠢᠬᠤ ᠬᠡᠮᠵᠢᠶᠡᠨ ᠤ ᠲᠣᠬᠢᠷᠠᠭᠤᠯᠤᠯᠲᠠ ᠬᠢᠵᠦ᠂ ᠪᠠᠶᠢᠭᠤᠯᠤᠮᠵᠢ ᠶᠢᠨ ᠥᠭᠡᠷᠡᠴᠢᠯᠡᠯᠲᠡ ᠲᠠᠢ | ᠬᠠᠷᠢᠯᠴᠠᠨ ᠵᠣᠯᠭᠠᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶ ᠪᠣᠯᠭᠠᠬᠤ ᠶᠢᠨ ᠲᠤᠰᠠᠳᠠ᠂ | ᠮᠠᠰᠢᠨ ᠲᠡᠷᠭᠡᠨ ᠤ ᠵᠢᠯᠣᠭᠤᠴᠢ ᠪᠣᠯᠪᠠᠰᠤᠷᠠᠭᠤᠯᠬᠤ ᠬᠢᠨᠠᠯᠲᠠ ᠬᠠᠮᠢᠶᠠᠷᠤᠯᠲᠠ ᠶᠢᠨ ᠬᠡᠮᠵᠢᠶᠡᠵᠢᠭᠦᠯᠦᠭᠰᠡᠨ ᠰᠢᠯᠭᠠᠨ | ᠬᠢᠨᠠᠬᠤ ᠪᠠᠷᠢᠮᠵᠢᠶ᠎ᠠ ᠶᠢ ᠲᠣᠭᠲᠠᠭᠠᠵᠤ᠂ ᠪᠦᠬᠦ ᠣᠷᠣᠨ ᠤ ᠵᠢᠯᠣᠭᠤᠴᠢ ᠪᠣᠯᠪᠠᠰᠤᠷᠠᠭᠤᠯᠬᠤ ᠵᠠᠬ᠎ᠠ ᠳᠡᠯᠭᠡᠭᠦᠷ ᠤᠨ | ᠵᠢᠷᠤᠮᠵᠢᠭᠰᠠᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃ | ︵ᠭᠤᠷᠪᠠ︶ ᠪᠣᠳᠠᠲᠠᠢ ᠠᠵᠢᠯ ᠤᠨ ᠬᠡᠷᠡᠭᠴᠡᠭᠡ ᠳᠤ ᠵᠣᠬᠢᠴᠠᠭᠤᠯᠤᠨ᠎ᠠ᠃ ᠣᠶᠢᠷ᠎ᠠ ᠶᠢᠨ ᠵᠢᠯ ᠤᠨ ᠮᠠᠨ ᠤ | ᠣᠷᠣᠨ ᠤ ᠶᠠᠰᠤ ᠴᠢᠨᠠᠷ ᠢᠲᠡᠭᠡᠮᠵᠢ ᠶᠢ ᠰᠢᠯᠭᠠᠨ ᠬᠢᠨᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠳ᠋ᠦᠩᠨᠡᠵᠦ᠂ | ᠰᠢᠯᠭᠠᠨ ᠬᠢᠨᠠᠬᠤ ᠠᠷᠭ᠎ᠠ ᠳᠤ ᠳᠣᠤᠷᠠᠬᠢ ᠮᠡᠲᠦ ᠵᠢᠷᠤᠮᠵᠢᠯ ᠢ ᠬᠢᠬᠦ ᠬᠡᠷᠡᠭᠲᠡᠶ᠄ ᠨᠢᠭᠡ ᠳᠤ᠂ ᠰᠢᠯᠭᠠᠨ ᠬᠢᠨᠠᠬᠤ | ᠠᠭᠤᠯᠭ᠎ᠠ ᠶᠢᠨ ᠲᠠᠯ᠎ᠠ ᠪᠠᠷ᠂ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠶᠢᠨ ᠲᠣᠭᠲᠠᠭᠠᠯ ᠳᠤ ᠨᠡᠶᠢᠴᠡᠭᠦᠯᠦᠨ | ᠡᠵᠡᠩᠨᠡᠬᠦ ᠲᠠᠯ᠎ᠠ ᠶᠢᠨ ᠰᠢᠯᠭᠠᠨ ᠬᠢᠨᠠᠬᠤ ᠠᠭᠤᠯᠭ᠎ᠠ ᠪᠠ ᠬᠤᠪᠢ ᠶᠢᠨ ᠥᠷᠲᠡᠭ ᠤᠨ ᠡᠵᠡᠯᠡᠬᠦ ᠬᠠᠷᠢᠴᠠᠯ ᠢ ᠤᠯᠠᠮ | ᠨᠢᠭᠡ ᠠᠯᠬᠤᠮ ᠲᠣᠳᠣᠷᠬᠠᠶᠢᠯᠠᠵᠤ᠂ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠶᠢᠨ ᠶᠠᠰᠤ ᠴᠢᠨᠠᠷ ᠢᠲᠡᠭᠡᠮᠵᠢ ᠶᠢ | ᠰᠢᠯᠭᠠᠨ ᠬᠢᠨᠠᠬᠤ ᠠᠵᠢᠯ ᠳᠤ ᠵᠢᠷᠤᠮᠯᠠᠯ ᠬᠠᠩᠭᠠᠨ᠎ᠠ᠃ ᠬᠤᠶᠠᠷ ᠲᠤ᠂ ᠪᠣᠳᠠᠲᠠᠢ ᠬᠡᠷᠡᠭᠵᠢᠭᠦᠯᠬᠦ ᠲᠠᠯ᠎ᠠ ᠪᠠᠷ᠂ | ᠣᠳᠣᠬᠠᠨ ᠤ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ ᠬᠡᠷᠡᠭᠯᠡᠭᠰᠡᠨ ᠦᠭᠡᠢ᠂ ᠳᠣᠲᠣᠭᠠᠳᠤ ᠶᠢ | ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠲᠤᠷᠠᠨ ᠬᠥᠳᠡᠯᠦᠯᠴᠡᠬᠦ ᠨᠢ ᠰᠠᠭᠠᠳ ᠲᠠᠢ ᠪᠠᠶᠢᠵᠤ᠂ ᠠᠵᠢᠯ ᠤᠨ | ᠭᠤᠭᠴᠤᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ᠃ | ᠬᠤᠶᠠᠷ᠂ ᠲᠣᠭᠲᠠᠭᠠᠭᠰᠠᠨ ᠰᠡᠳᠬᠢᠮᠵᠢ | ︽ᠮᠠᠰᠢᠨ ᠲᠡᠷᠭᠡᠨ ᠤ ᠪᠣᠯᠪᠠᠰᠤᠷᠠᠭᠤᠯᠬᠤ ᠬᠠᠮᠢᠶᠠᠷᠤᠯᠲᠠ ᠶᠢᠨ ᠲᠣᠭᠲᠠᠭᠠᠯ︾ ᠢ ᠦᠨᠳᠦᠰᠦᠯᠡᠨ᠂ ᠲᠣᠰ | ᠣᠷᠤᠨ ᠤ ᠵᠢᠯᠣᠭᠤᠴᠢ ᠪᠣᠯᠪᠠᠰᠤᠷᠠᠭᠤᠯᠬᠤ ᠠᠵᠢᠯ ᠲᠥᠷᠥᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠠᠶᠦᠯᠭᠦᠢ ᠦᠢᠯᠡᠳᠪᠦᠷᠢᠯᠡᠯ ᠢᠶᠠᠷ ᠤᠯᠠᠭᠠᠨ ᠱᠤᠭᠤᠮ ᠪᠣᠯᠭᠠᠵᠤ᠂ ᠡᠵᠡᠩᠨᠡᠯᠲᠡ ᠶᠢ ᠵᠢᠷᠤᠮᠵᠢᠭᠤᠯᠬᠤ ᠪᠠᠷ ᠬᠤᠷᠢᠭ᠎ᠠ | ᠱᠤᠭᠤᠮ ᠪᠣᠯᠭᠠᠨ᠂ ᠪᠣᠯᠪᠠᠰᠤᠷᠠᠯ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠤᠯ ᠰᠢᠵᠢᠮ | ᠪᠣᠯᠭᠠᠵᠤ᠂ ᠰᠢᠯᠭᠠᠨ ᠬᠢᠨᠠᠬᠤ ᠠᠷᠭ᠎ᠠ ᠶᠢ ᠲᠣᠭᠲᠠᠭᠠᠨ᠂ ᠰᠢᠯᠭᠠᠨ ᠬᠢᠨᠠᠬᠤ ᠠᠭᠤᠯᠭ᠎ᠠ ᠶᠢ ᠪᠥᠬᠦ ᠲᠠᠯ᠎ᠠ ᠪᠠᠷ ᠬᠠᠮᠤᠷᠬᠤ | ᠂ ᠭᠤᠤᠯᠳᠠᠯᠭ᠎ᠠ ᠶᠢ ᠳᠣᠪᠤᠶᠢᠯᠭᠠᠨ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠵᠢᠴᠢ ᠬᠤᠪᠢ ᠪᠤᠳᠤᠬᠤ ᠲᠦᠷᠢᠮ ᠢ | ᠲᠣᠳᠣᠷᠬᠠᠶ ᠣᠨᠣᠪᠴᠢᠲᠠᠶ ᠪᠣᠯᠭᠠᠵᠤ᠂ ᠰᠢᠯᠭᠠᠨ ᠬᠢᠨᠠᠬᠤ ᠴᠤᠪᠤᠷᠠᠯ ᠢ ᠵᠢᠷᠤᠮᠵᠢᠭᠤᠯᠤᠨ ᠲᠣᠳᠣᠷᠬᠠᠶ ᠪᠣᠯᠭᠠᠵᠤ᠂ | ᠰᠢᠯᠭᠠᠨ ᠬᠢᠨᠠᠭᠰᠠᠨ ᠦᠷ᠎ᠡ ᠳ᠋ᠦᠩ ᠨᠢ ᠪᠤᠰᠤᠳᠴᠢ ᠪᠥᠭᠡᠳ ᠣᠨᠣᠪᠴᠢᠲᠠᠶ ᠪᠠᠶᠢᠬᠤ ᠶᠢᠨ ᠬᠠᠮᠲᠤ ᠢᠲᠡᠭᠡᠮᠵᠢ ᠶᠢᠨ | ᠦᠨᠡᠯᠡᠯᠲᠡ ᠯᠦᠭᠡ ᠰᠠᠶᠢᠲᠤᠷ ᠵᠣᠯᠭᠠᠭᠤᠯᠬᠤ ᠶᠢ ᠪᠡᠶᠡᠯᠡᠭᠦᠯᠦᠨ᠎ᠡ᠃ | ᠭᠤᠷᠪᠠ᠂ ᠭᠤᠤᠯᠳᠠᠭᠤ ᠲᠣᠭᠲᠠᠭᠠᠭᠰᠠᠨ ᠠᠭᠤᠯᠭ᠎ᠠ | ︵ᠨᠢᠭᠡ︶ ᠬᠤᠪᠢ ᠪᠣᠳᠤᠬᠤ ᠪᠠᠷᠢᠮᠵᠢᠶ᠎ᠠ ᠪᠠ ᠳᠦᠷᠢᠮ ᠢ ᠵᠢᠷᠤᠮᠵᠢᠭᠤᠯᠤᠨ᠎ᠠ᠃ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠂ ︽ᠮᠠᠰᠢᠨ ᠲᠡᠷᠭᠡᠨ ᠤ ᠵᠢᠯᠣᠭᠤᠴᠢ | ᠪᠣᠯᠪᠠᠰᠤᠷᠠᠭᠤᠯᠬᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ | ᠪᠠᠷᠢᠮᠵᠢᠶ᠎ᠠ ᠶᠢ ᠦᠨᠳᠦᠰᠦᠯᠡᠨ᠂ ᠬᠤᠪᠢ ᠪᠤᠳᠤᠬᠤ ᠪᠠᠷᠢᠮᠵᠢᠶ᠎ᠠ ᠶᠢ ᠳᠦᠷᠰᠦᠯᠡᠨ ᠲᠣᠭᠠᠴᠢᠬᠤ ᠶᠢ ᠤᠯᠠᠮ ᠨᠢᠭᠡ | ᠠᠯᠬᠤᠮ ᠵᠢᠷᠤᠮᠵᠢᠭᠤᠯᠵᠤ᠂ ᠰᠢᠯᠭᠠᠨ ᠬᠢᠨᠠᠬᠤ ᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠰᠢᠯᠭᠠᠨ | ᠬᠢᠨᠠᠬᠤ ᠠᠵᠢᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠦᠨ᠎ᠡ᠃ ᠰᠢᠯᠭᠠᠨ ᠬᠢᠨᠠᠬᠤ ᠠᠭᠤᠯᠭ᠎ᠠ ᠶᠢ | ᠦᠨᠳᠦᠰᠦᠨ ᠪᠠᠶᠢᠳᠠᠯ᠂ ᠠᠶᠦᠯᠭᠦᠢ ᠦᠢᠯᠡᠳᠪᠦᠷᠢᠯᠡᠯ᠂ ᠪᠣᠯᠪᠠᠰᠤᠷᠠᠯ ᠤᠨ ᠶᠠᠰᠤ ᠴᠢᠨᠠᠷ᠂ ᠦᠢᠯᠡᠴᠢᠯᠡᠭᠡᠨ ᠤ ᠶᠠᠰᠤ | ᠴᠢᠨᠠᠷ᠂ ᠡᠵᠡᠩᠨᠡᠯᠲᠡ ᠶᠢᠨ ᠠᠵᠢᠯᠯᠠᠭ᠎ᠠ᠂ ᠶᠠᠰᠤ ᠴᠢᠨᠠᠷ ᠢᠲᠡᠭᠡᠮᠵᠢ ᠶᠢᠨ ᠬᠠᠮᠢᠶᠠᠷᠤᠯᠲᠠ ᠵᠡᠷᠭᠡ 7 ᠲᠠᠯ᠎ᠠ ᠪᠣᠯᠭᠠᠨ | ᠡᠮᠬᠢᠯᠡᠨ ᠨᠡᠶᠢᠯᠡᠭᠦᠯᠪᠡ᠃ | ︵ᠬᠤᠶᠠᠷ︶ ᠰᠢᠯᠭᠠᠨ ᠬᠢᠨᠠᠬᠤ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠤᠷᠬᠠᠶᠢᠯᠠᠨ᠎ᠠ᠃ ᠬᠤᠰᠢᠭᠤ | ᠰᠢᠶᠠᠨ ᠤ ᠱᠠᠳᠤᠨ ᠤ ᠵᠠᠮ ᠬᠠᠷᠢᠯᠴᠠᠭ᠎ᠠ ᠲᠡᠬᠡᠬᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠦᠪᠡᠷᠳᠡᠬᠡᠨ | ᠵᠠᠰᠠᠬᠤ ᠤᠷᠤᠨ ᠤ ᠵᠢᠯᠣᠭᠤᠴᠢ ᠪᠣᠯᠪᠠᠰᠤᠷᠠᠭᠤᠯᠬᠤ ᠬᠢᠨᠠᠯᠳᠠ ᠬᠠᠮᠢᠶᠠᠷᠤᠯᠳᠠ ᠶᠢᠨ ᠦᠢᠯᠡᠴᠢᠯᠡᠬᠡᠨ ᠤ ᠲᠡᠪᠴᠡᠩ ᠳᠤ | ᠲᠦᠰᠢᠭᠯᠡᠵᠦ ᠰᠢᠯᠭᠠᠨ ᠬᠢᠨᠠᠭᠰᠠᠨ ᠮᠠᠲ᠋ᠧᠷᠢᠶᠠᠯ ᠢ ᠠᠩᠬ᠎ᠠ ᠠᠯᠬᠤᠮ ᠬᠢᠨᠠᠨ ᠬᠠᠷᠭᠤᠭᠤᠯᠬᠤ ᠬᠡᠷᠡᠭᠲᠡᠶ︔ ᠠᠶᠢᠮᠠᠭ | ᠬᠤᠳᠠ ᠶᠢᠨ ᠱᠠᠳᠤᠨ ᠤ ᠵᠠᠮ ᠬᠠᠷᠢᠯᠴᠠᠭ᠎ᠠ ᠲᠡᠬᠡᠬᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠮ | ᠬᠠᠷᠢᠯᠴᠠᠭ᠎ᠠ ᠲᠡᠬᠡᠬᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠵᠡᠷᠬᠡ ᠬᠤᠯᠪᠤᠨᠨᠳᠠᠯ | ᠪᠦᠭᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠦ ᠲᠤᠬᠠᠢ ᠶᠢᠨ ᠭᠠᠵᠠᠷ ᠲᠤ ᠨᠢ ᠲᠠᠬᠢᠨ ᠬᠢᠨᠠᠬᠤ ᠶᠢ ᠦᠷᠨᠢᠭᠦᠯᠬᠦ | ᠬᠡᠷᠡᠭᠲᠡᠢ ᠭᠡᠵᠦ ᠲᠣᠳᠤᠷᠬᠠᠢ ᠱᠠᠭᠠᠷᠳᠠᠪᠠ᠃ | ︵ᠭᠤᠷᠪᠠ︶ ᠰᠢᠯᠭᠠᠨ ᠬᠢᠨᠠᠬᠤ ᠴᠤᠪᠤᠷᠠᠯ ᠪᠠ ᠬᠠᠮᠵᠢᠯᠴᠠᠨ ᠬᠢᠨᠠᠨ ᠬᠠᠮᠢᠶᠠᠷᠬᠤ ᠶᠢ ᠲᠡᠭᠦᠯᠳᠡᠷᠵᠢᠭᠦᠯᠦᠨ᠎ᠡ᠃ | ᠨᠢᠭᠡ ᠳᠤ᠂ ᠵᠢᠯᠣᠭᠤᠴᠢ ᠪᠣᠯᠪᠠᠰᠤᠷᠠᠭᠤᠯᠬᠤ ᠪᠠᠶᠢᠭᠤᠯᠤᠮᠵᠢ ᠶᠢᠨ ︽ᠲᠣᠰ ᠵᠢᠯ ᠤᠨ ᠶᠠᠰᠤ ᠴᠢᠨᠠᠷ ᠢᠲᠡᠭᠡᠮᠵᠢ ᠶᠢᠨ | ᠪᠠᠶᠢᠳᠠᠯ ᠢ ᠳ᠋ᠦᠩᠨᠡᠬᠦ︾ ᠪᠠ ︽ᠣᠨ ᠤ ᠬᠢᠨᠠᠨ ᠰᠢᠯᠭᠠᠯᠲᠠ ᠶᠢ ᠭᠤᠶᠤᠴᠢᠯᠠᠬᠤ︾ ᠭᠤᠭᠴᠤᠭ᠎ᠠ ᠶᠢ ᠨᠡᠮᠡᠭᠳᠡᠭᠦᠯᠦᠨ᠎ᠡ᠃ | ᠬᠤᠶᠠᠷ ᠲᠤ᠂ ᠶᠠᠰᠤ ᠴᠢᠨᠠᠷ ᠢᠲᠡᠭᠡᠮᠵᠢ ᠶᠢ ᠰᠢᠯᠭᠠᠨ ᠬᠢᠨᠠᠬᠤ ᠵᠡᠷᠭᠡ ᠳᠡᠰ ᠨᠢ B ᠲᠠᠰ ᠤᠨ ᠵᠢᠯᠣᠭᠤᠴᠢ | ᠪᠣᠯᠪᠠᠰᠤᠷᠠᠭᠤᠯᠬᠤ ᠪᠠᠶᠢᠭᠤᠯᠤᠮᠵᠢ ᠳᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠠᠢ ᠬᠠᠮᠲᠤᠷᠠᠨ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠯᠲᠠ | ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | |