ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠣᠯᠠᠨ ︽119︾ ᠭᠤᠤᠯ ᠰᠡᠳᠦᠪᠲᠦ ᠨᠡᠶᠢᠲᠡ ᠶᠢᠨ ᠮᠠᠰᠢᠨ ᠲᠡᠷᠭᠡᠨ ᠤ ᠱᠤᠭᠤᠮ ᠢ ᠪᠣᠳᠠᠲᠤ ᠴᠣᠭᠴᠠᠵᠢᠭᠤᠯᠤᠭᠰᠠᠨ ᠡᠵᠡᠩᠨᠡᠯᠲᠡ
ᠨᠡᠶᠢᠲᠡᠯᠡᠭᠰᠡᠨ ᠴᠠᠭ᠄
2024/8/30
    ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠬᠠᠷᠢᠶ᠎ᠠ ᠭᠠᠵᠠᠷ ᠤᠨ ᠡᠬᠢ ᠪᠠᠶᠠᠯᠢᠭ ᠢᠶᠠᠨ ᠢᠳᠡᠪᠬᠢᠲᠡᠶ ᠵᠣᠬᠢᠴᠠᠭᠤᠯᠵᠤ᠂ ︽119︾ ᠭᠠᠯ ᠰᠡᠷᠭᠡᠶᠢᠯᠡᠵᠦ ᠭᠠᠯ ᠤᠨᠲᠠᠷᠠᠭᠠᠬᠤ ᠤᠬᠠᠭᠤᠯᠭ᠎ᠠ ᠶᠢᠨ ᠭᠤᠤᠯ ᠰᠡᠳᠦᠪᠲᠦ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠵᠠᠮ ᠱᠤᠭᠤᠮ ᠢ ᠨᠡᠪᠲᠡᠷᠡᠭᠦᠯᠬᠦ ᠶᠢ ᠠᠮᠵᠢᠯᠲᠠ ᠲᠠᠢ ᠠᠬᠢᠭᠤᠯᠵᠤ᠂ ᠨᠢᠭᠡᠨ ᠥᠪᠡᠷᠮᠢᠴᠡ ᠣᠨᠴᠠᠯᠢᠭ ᠲᠠᠢ ᠨᠡᠭᠦᠳᠡᠯ ᠭᠠᠯ ᠰᠡᠷᠭᠡᠶᠢᠯᠡᠵᠦ ᠭᠠᠯ ᠤᠨᠲᠠᠷᠠᠭᠠᠬᠤ ᠤᠬᠠᠭᠤᠯᠭ᠎ᠠ ᠶᠢᠨ ᠦᠵᠡᠮᠵᠢ ᠶᠢᠨ ᠣᠷᠣᠨ ᠢ ᠰᠢᠨ᠎ᠡ ᠶᠢ ᠡᠭᠦᠳᠬᠦ ᠴᠢᠨᠠᠷᠲᠠᠶ ᠪᠠᠷ ᠪᠠᠶᠢᠭᠤᠯᠪᠠ᠃    ᠣᠳᠣᠬᠠᠨ ᠳᠤ᠂ ᠤᠯᠠᠭᠠᠨᠴᠠᠪ ᠬᠤᠲᠠ ᠨᠢᠭᠡᠨᠲᠡ ᠭᠠᠯ ᠤᠨᠲᠠᠷᠠᠭᠠᠬᠤ 12 ᠭᠤᠤᠯ ᠰᠡᠳᠦᠪᠲᠦ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ ᠨᠡᠪᠲᠡᠷᠡᠭᠦᠯᠵᠦ᠂ ᠭᠠᠯ ᠤᠨᠲᠠᠷᠠᠭᠠᠬᠤ ᠭᠤᠤᠯ ᠰᠡᠳᠦᠪᠲᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ 36 ᠥᠷᠲᠡᠭᠡ ᠴᠡᠭ ᠢ ᠲᠣᠬᠢᠷᠠᠭᠤᠯᠵᠤ᠂ ᠶᠡᠷᠦᠩᠬᠡᠶ ᠠᠵᠢᠯᠯᠠᠬᠤ ᠵᠠᠮ ᠤᠨ ᠣᠷᠳᠣ ᠨᠢ 218 ᠺᠢᠯᠣᠮᠧᠲᠷ ᠲᠤ ᠬᠦᠷᠴᠡᠶ᠃ ᠰᠢᠩ ᠾᠧ᠂ ᠱᠠᠩᠳᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠵᠡᠷᠭᠡ ᠬᠠᠷᠢᠶ᠎ᠠ ᠣᠷᠣᠨ ᠤ ᠶᠡᠭᠡ ᠠᠩᠭᠢ ᠨᠡᠶᠢᠲᠡ ᠶᠢᠨ ᠮᠠᠰᠢᠨ ᠲᠡᠷᠭᠡᠨ ᠳᠡᠭᠡᠷ᠎ᠡ ᠭᠠᠯ ᠤᠨᠲᠠᠷᠠᠭᠠᠬᠤ ᠠᠮᠤᠷ ᠲᠦᠪᠰᠢᠨ ᠤ ᠤᠷᠢᠶ᠎ᠠ ᠯᠣᠽᠦ᠋ᠩ ᠡᠯᠭᠦᠬᠦ᠂ ᠭᠠᠯ ᠤᠨᠲᠠᠷᠠᠭᠠᠬᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠨᠡᠪᠲᠡᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠠᠶᠠᠨᠴᠢᠳ ᠢ ᠲᠡᠷᠭᠡᠨ ᠳᠤ ᠰᠠᠭᠤᠬᠤ ᠶᠠᠪᠤᠴᠠ ᠳᠤ ᠭᠠᠯ ᠤᠨᠲᠠᠷᠠᠭᠠᠬᠤ ᠮᠡᠳᠡᠯᠭᠡ ᠶᠢ ᠦᠯᠦ ᠮᠡᠳᠡᠭᠳᠡᠮ᠎ᠡ ᠪᠠᠷ ᠰᠤᠷᠤᠯᠴᠠᠭᠤᠯᠤᠨ᠎ᠠ᠃    ᠡᠭᠦᠨ ᠠᠴᠠ ᠭᠠᠳᠠᠨ᠎ᠠ᠂ ᠰᠠᠯᠪᠤᠷᠢ ᠠᠩᠭᠢ ᠪᠠᠰᠠ ᠭᠠᠯ ᠤᠨᠲᠠᠷᠠᠭᠠᠬᠤ ᠭᠤᠤᠯ ᠰᠡᠳᠦᠪᠲᠦ ᠨᠡᠶᠢᠲᠡ ᠶᠢᠨ ᠮᠠᠰᠢᠨ ᠲᠡᠷᠭᠡᠨ ᠳᠡᠭᠡᠷ᠎ᠡ ᠭᠠᠯ ᠤᠨᠲᠠᠷᠠᠭᠠᠬᠤ ᠮᠡᠳᠡᠯᠭᠡ ᠶᠢᠨ ᠲᠠᠶᠢᠯᠤᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ ᠂ ᠭᠠᠯ ᠤᠨᠲᠠᠷᠠᠭᠠᠬᠤ ᠵᠢᠯᠣᠭᠤᠳᠣᠭᠴᠢ ᠪᠠᠶᠢᠯᠳᠤᠭᠴᠢ ᠪᠣᠯᠤᠨ ᠭᠠᠯ ᠤᠨᠲᠠᠷᠠᠭᠠᠬᠤ ᠰᠠᠶᠢᠨ ᠳᠤᠷᠠᠴᠤᠳ ᠢ ᠤᠷᠢᠵᠤ ᠠᠶᠠᠨᠴᠢᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠵᠢᠴᠢ ᠭᠠᠯ ᠤᠨ ᠲᠠᠯᠠᠪᠤᠷ ᠠᠴᠠ ᠠᠮᠢ ᠵᠢᠭᠤᠲᠠᠬᠤ ᠤᠷ᠎ᠠ ᠮᠡᠷᠭᠡᠵᠢᠯ ᠢ ᠲᠠᠶᠢᠯᠪᠤᠷᠢᠯᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠠᠶᠠᠨᠴᠢᠳ ᠢ ᠬᠥᠲᠥᠯᠥᠨ ᠵᠢᠯᠣᠭᠤᠳᠴᠤ ᠪᠠᠶᠢᠭᠠᠳ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠭᠡᠷ ᠲᠡᠭᠡᠨ ᠠᠪᠠᠴᠢᠨ᠂ ᠭᠠᠯ ᠤᠨᠲᠠᠷᠠᠭᠠᠬᠤ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠪᠦᠲᠦᠮᠵᠢᠲᠡᠶ ᠥᠷᠭᠡᠳᠬᠡᠵᠦ ᠂ ᠨᠡᠶᠢᠭᠡᠮ ᠤᠨ ᠲᠠᠯ᠎ᠠ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠶᠢᠭᠤᠯᠬᠤ ᠰᠠᠶᠢᠨ ᠰᠠᠶᠢᠬᠠᠨ ᠦᠷ᠎ᠡ ᠪᠦᠲᠦᠮᠵᠢ ᠳᠤ ᠤᠯᠠᠮ ᠨᠢᠭᠡ ᠠᠯᠬᠤᠮ ᠬᠦᠷᠦᠭᠰᠡᠨ ᠪᠠᠶᠢᠨ᠎ᠠ᠃    ᠭᠠᠯ ᠤᠨᠲᠠᠷᠠᠭᠠᠬᠤ ᠭᠤᠤᠯ ᠰᠡᠳᠦᠪᠲᠦ ᠨᠡᠶᠢᠲᠡ ᠶᠢᠨ ᠮᠠᠰᠢᠨ ᠲᠡᠷᠭᠡ ᠡᠵᠡᠩᠨᠡᠭᠰᠡᠨ ᠠᠴᠠ ᠨᠠᠰᠢ᠂ ᠭᠠᠯ ᠤᠨᠲᠠᠷᠠᠭᠠᠬᠤ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠣᠯᠤᠨ ᠨᠥᠯᠥᠭᠡᠯᠡᠬᠦ ᠬᠦᠴᠦᠨ ᠢ ᠥᠷᠭᠡᠳᠬᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠣᠨᠣᠯᠵᠢᠬᠤᠨ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠪᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号