ᠣᠷᠳᠣᠰ ᠬᠤᠲᠠ᠄ ︽ᠦᠶᠦᠭ ᠳᠤᠯᠠᠭᠠᠨ ᠬᠤᠲᠠ ᠶᠢᠨ ︿ᠬᠡᠦᠬᠡᠳ﹀ ᠲᠤ ᠠᠰᠢᠭ ᠬᠦᠷᠳᠡᠬᠡᠬᠦ︾ ᠨᠠᠷᠠᠲᠤ ᠲᠡᠮᠳᠡᠭᠲᠦ ᠶᠢ ᠴᠢᠷᠮᠠᠶᠢᠨ ᠪᠣᠶ ᠪᠣᠯᠭᠠᠵᠤ ᠬᠡᠦᠬᠡᠳ ᠤᠨ ᠨᠥᠬᠦᠷᠰᠡᠭ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/8/6
    ᠣᠷᠳᠣᠰ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠦᠶᠦᠭ ᠳᠤᠯᠠᠭᠠᠨ ᠬᠤᠲᠠ ᠶᠢᠨ ︿ᠬᠡᠦᠬᠡᠳ﹀ ᠲᠤ ᠠᠰᠢᠭ ᠬᠦᠷᠳᠡᠬᠡᠬᠦ︾ ᠨᠠᠷᠠᠲᠤ ᠲᠡᠮᠳᠡᠭᠲᠦ ᠶᠢ ᠪᠣᠶ ᠪᠣᠯᠭᠠᠬᠤ ᠪᠠᠷ ᠪᠠᠷᠢᠴᠠ ᠪᠣᠯᠭᠠᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠬᠤ ᠦᠢᠯᠡᠴᠢᠯᠡᠭᠡᠨ ᠤ ᠲᠥᠷᠥᠯ ᠵᠦᠢᠯ ᠢ ᠭᠦᠨᠵᠡᠭᠡᠢ ᠬᠡᠷᠡᠭᠵᠢᠬᠦᠯᠵᠤ ᠪᠠᠶᠢᠨ᠎ᠠ᠃    ᠨᠢᠭᠡ ᠳᠤ ︽ᠬᠦᠰᠡᠯ ᠢ ᠨᠢ ᠲᠡᠷᠭᠡᠯᠰᠢᠭᠦᠯᠬᠦ ᠥᠨᠥᠴᠢᠨ ᠬᠡᠦᠬᠡᠳ ᠤᠨ ᠰᠤᠷᠤᠯᠭ᠎ᠠ ᠶᠢ ᠲᠡᠳᠬᠦᠬᠦ ᠢᠨᠵᠧᠨᠧᠷᠢᠩ︾  ᠢ ᠬᠡᠷᠡᠭᠵᠢᠬᠦᠯᠪᠡ᠃ 2024 ᠣᠨ ᠤ ᠳᠡᠭᠡᠷ᠎ᠡ ᠬᠠᠭᠠᠰ ᠵᠢᠯ ᠳᠤ 1 ᠰᠤᠳᠤᠯᠬᠤ ᠰᠣᠷᠣᠭᠴᠢ᠂ 14 ᠵᠢᠩᠬᠢᠨᠢ ᠠᠩᠭᠢ ᠶᠢᠨ ᠰᠣᠷᠣᠭᠴᠢ᠂ 13 ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠰᠣᠷᠣᠭᠴᠢ ᠳᠤ 14 ᠲᠦᠮᠡᠨ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠵᠤ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ  ᠨᠢ ᠥᠨᠥᠴᠢᠨ ᠬᠡᠦᠬᠡᠳ ᠤᠨ ᠰᠤᠷᠤᠯᠭ᠎ᠠ ᠶᠢᠨ ᠵᠠᠮ ᠳᠤ ᠬᠢ ᠪᠠᠲᠤ ᠪᠠᠬᠢ ᠥᠮᠥᠭ ᠲᠦᠰᠢᠭ ᠪᠣᠯᠤᠭᠰᠠᠨ ᠪᠠᠶᠢᠨ᠎ᠠ᠃    ᠬᠤᠶᠠᠷ ᠲᠤ᠂ ᠭᠡᠷ ᠲᠤ ᠪᠠᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠢ ᠢᠳᠡᠪᠬᠢᠲᠡᠢ ᠪᠠᠷ ᠭᠤᠶᠤᠴᠢᠯᠠᠪᠠ᠃ 2023 ᠪᠣᠯᠣᠨ 2024 ᠣᠨ ᠳᠤ ᠴᠥᠮ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠢ ᠠᠮᠵᠢᠯᠲᠠ ᠲᠠᠢ ᠪᠠᠷ ᠭᠤᠶᠤᠴᠢᠯᠠᠵᠤ ᠤᠯᠤᠭᠠᠳ᠂ 200 ᠭᠠᠷᠤᠢ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠠᠰᠢᠭ ᠬᠦᠷᠲᠡᠭᠡᠪᠡ᠃    ᠭᠤᠷᠪᠠ ᠳᠤ᠂ ︽ᠵᠢᠭᠦᠷ ᠤᠷᠭᠤᠭᠤᠯᠬᠤ ᠲᠥᠯᠥᠪᠯᠡᠭᠡ︾ ᠶᠢᠨ ᠵᠦᠢᠯᠡᠰ ᠢ ᠥᠷᠨᠢᠭᠦᠯᠬᠦ ᠳᠤ ᠢᠳᠡᠪᠬᠢᠲᠡᠢ ᠬᠠᠮᠵᠢᠯᠴᠠᠪᠠ᠃ 2024 ᠣᠨ ᠤ ᠳᠡᠭᠡᠷ᠎ᠡ ᠬᠠᠭᠠᠰ ᠵᠢᠯ ᠳᠤ 3903 ᠬᠡᠦᠬᠡᠳ ᠢ ᠰᠦᠢᠳᠬᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠵᠤ᠂ 5 ᠬᠡᠦᠬᠡᠳ ᠤᠨ ᠮᠡᠰᠡ ᠵᠠᠰᠠᠯ ᠤᠨ ᠨᠥᠬᠦᠴᠡᠯ ᠳᠤ ᠨᠡᠶᠢᠴᠡᠪᠡ᠂ ᠣᠷᠳᠣᠰ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠢᠳᠡᠪᠬᠢᠲᠡᠢ ᠪᠠᠷ ᠬᠠᠮᠵᠢᠯᠴᠠᠨ ᠲᠥᠷᠥᠯ ᠵᠦᠢᠯ ᠢ ᠭᠤᠶᠤᠴᠢᠯᠠᠵᠤ᠂ ᠲᠥᠷᠥᠯᠬᠢ ᠶᠢᠨ ᠵᠢᠷᠤᠬᠡᠨ ᠡᠪᠡᠳᠴᠢᠨ ᠲᠠᠢ ᠬᠡᠦᠬᠡᠳ ᠤᠨ ᠭᠡᠷ ᠪᠦᠯᠢ ᠶᠢᠨ ᠳᠠᠷᠤᠭᠠᠰᠤ ᠶᠢ ᠬᠥᠩᠭᠡᠯᠡᠵᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠪᠡ᠃     ᠳᠥᠷᠪᠡ ᠳᠤ᠂ ᠤᠷᠳᠤᠰ ᠬᠤᠲᠠ ᠶᠢᠨ ᠲᠣᠰ ᠱᠠᠲᠤᠨ ᠤ ᠬᠢᠨ 100 ᠲᠦᠮᠡᠨ ᠲᠥᠭᠦᠷᠢᠭ ᠪᠠᠭᠤᠯᠭᠠᠵᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠬᠤ ᠦᠢᠯᠡᠴᠢᠯᠡᠭᠡᠨ ᠤ ᠲᠥᠷᠥᠯ ᠵᠦᠢᠯ ᠢ ᠬᠤᠳᠠᠯᠳᠤᠨ ᠠᠪᠴᠤ᠂ 9 ᠬᠤᠰᠢᠭᠤ ᠲᠣᠭᠤᠷᠢᠭ ᠤᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠨᠠᠷᠢᠯᠢᠭ ᠣᠨᠣᠴᠠᠲᠠᠢ᠂ ᠲᠤᠰᠬᠠᠶᠢᠵᠢᠭᠰᠠᠨ ᠬᠠᠯᠠᠮᠵᠢᠯᠠᠬᠤ ᠦᠢᠯᠡᠴᠢᠯᠡᠭᠡ ᠬᠠᠩᠭᠠᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠠᠮᠤᠭᠤᠯᠠᠩ ᠲᠥᠷᠥᠭᠳᠡᠯ ᠢ ᠪᠦᠲᠦᠮᠵᠢᠲᠡᠶ ᠲᠡᠭᠡᠭᠰᠢᠯᠡᠬᠦᠯᠦᠭᠰᠡᠨ ᠪᠠᠶᠢᠨ᠎ᠠ᠃    ᠲᠠᠪᠤ ᠳᠤ᠂ ᠥᠨᠥᠴᠢᠨ ᠬᠡᠦᠬᠡᠳ ᠤᠨ ᠠᠮᠢᠳᠤᠷᠠᠯ ᠤᠨ ᠦᠨᠳᠦᠰᠦᠨ ᠵᠠᠷᠤᠳᠠᠯ ᠢ ᠴᠠᠭ ᠲᠤᠬᠠᠢ ᠳᠤ ᠨᠢ ᠲᠤᠭ᠎ᠠ ᠶᠣᠰᠣᠭᠠᠷ ᠨᠢ ᠤᠯᠭᠤᠪᠠ᠃ ᠲᠦᠷᠦᠭᠦᠤ ᠬᠠᠭᠠᠰ ᠵᠢᠯ ᠳᠤ ᠪᠥᠬᠦ ᠬᠤᠲᠠ ᠳᠤ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠠᠰᠠᠷᠠᠨ ᠲᠡᠵᠢᠭᠡᠬᠦ ᠪᠡᠯᠡ ᠮᠥᠩᠭᠦ ᠶᠢ ᠨᠡᠶᠢᠲᠡ 1016.53 ᠲᠦᠮᠡᠨ ᠲᠥᠭᠦᠷᠢᠭ ᠲᠠᠷᠬᠠᠭᠠᠵᠤ᠂ 757 ᠬᠡᠦᠬᠡᠳ ᠲᠤ ᠠᠰᠢᠭ ᠬᠦᠷᠲᠡᠭᠡᠪᠡ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号