ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/6
    8 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠤᠯᠳᠠᠯᠭ᠎ᠠ ᠲᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠢᠩᠬᠢᠮ ᠤᠨ ᠨᠠᠮ ᠤᠨ ᠬᠤᠷᠢᠶᠠᠨ ᠤ ᠱᠦᠵᠢ ᠭᠤᠤ ᠷᠦᠨ ᠰᠢ ᠬᠤᠷᠠᠯ ᠢ ᠡᠷᠭᠢᠯᠡᠪᠡ᠃ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠥᠪᠥᠷ ᠮᠣᠩᠭᠤᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠶ ᠠᠩᠭᠢ ᠶᠢᠨ ᠳᠠᠷᠤᠭ᠎ᠠ᠂ ᠺᠣᠮᠢᠰᠰᠠᠷ᠂ ᠥᠪᠥᠷ ᠮᠣᠩᠭᠤᠯ ᠤᠨ ᠣᠶ ᠰᠢᠭᠤᠶ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠡᠷᠦᠩᠬᠡᠶ ᠠᠩᠭᠢ ᠶᠢᠨ ᠺᠣᠮᠢᠰᠰᠠᠷ᠂ ᠲᠢᠩᠬᠢᠮ ᠤᠨ ᠪᠠᠶᠢᠭᠤᠯᠭ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠡᠯ᠎ᠡ ᠭᠠᠵᠠᠷ ᠬᠡᠷ ᠪᠣᠯᠤᠨ ᠲᠢᠩᠬᠢᠮ ᠤᠨ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
W020240801778855627891.png
    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠲᠢᠩᠬᠢᠮ ᠤᠨ ᠳᠡᠭᠡᠳᠦ ᠳᠤᠤᠷᠠᠳᠤ ᠱᠠᠲᠤ ᠪᠠᠷ ᠢᠶᠠᠨ ᠤᠯᠤᠰ ᠲᠥᠷᠥ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠶ ᠱᠠᠭᠠᠷᠳᠠᠯᠭ᠎ᠠ᠂ ᠭᠤᠤᠯᠳᠠᠯᠭ᠎ᠠ ᠲᠠᠢ ᠡᠭᠦᠷᠭᠡ᠂ ᠠᠵᠢᠯ ᠤᠨ  ᠦᠢᠯᠡᠳᠦᠯᠭᠡ ᠲᠠᠢ ᠨᠡᠪᠲᠡᠷᠡᠯᠴᠡᠭᠦᠯᠵᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠠᠷᠤᠶ ᠲᠦᠷᠭᠡᠨ ᠬᠥᠳᠡᠯᠦᠯᠴᠡᠵᠦ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠥᠬᠦ ᠣᠷᠣᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠬᠡᠷᠡᠯ ᠭᠢᠯᠪᠠᠭ᠎ᠠ ᠨᠡᠮᠡᠷᠢᠯᠡᠬᠦ ᠬᠡᠷᠡᠭᠲᠡᠶ ᠭᠡᠪᠡ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠥᠷᠨᠢᠯᠲᠡ ᠭᠠᠷᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠭᠠᠷᠳᠠᠬᠤ ᠴᠡᠭ ᠪᠣᠯᠤᠨ ᠬᠦᠴᠦᠯᠡᠬᠦ ᠴᠡᠭ ᠢ ᠣᠨᠣᠪᠴᠢᠲᠠᠶ ᠣᠯᠵᠤ᠂ ᠨᠠᠷᠢᠨ ᠬᠢᠨᠠᠮᠠᠭᠠᠶ ᠰᠤᠳᠤᠯᠤᠨ ᠲᠥᠯᠥᠪᠵᠢᠭᠦᠯᠵᠦ᠂ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠲᠣᠭᠲᠠᠭᠠᠵᠤ᠂ ᠡᠯ᠎ᠡ  ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠵᠤ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠦᠢᠯᠡᠳᠦᠯᠭᠡ ᠳᠤᠮᠳᠠ ᠬᠦᠴᠦᠨ ᠴᠢᠳᠠᠯ ᠢᠶᠠᠨ ᠡᠷᠭᠦᠵᠦ᠂ ᠴᠤᠭ ᠵᠢᠪᠬᠤᠭ᠎ᠠ ᠪᠠᠨ ᠢᠯᠡᠷᠡᠭᠦᠯᠵᠦ᠂ ᠦᠨ᠎ᠡ ᠥᠷᠲᠡᠭ ᠢᠶᠠᠨ ᠢᠯᠡᠷᠡᠭᠦᠯᠬᠦ ᠬᠡᠷᠡᠭᠲᠡᠶ᠃ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ ᠪᠠᠷᠢᠮᠵᠢᠶ᠎ᠠ ᠳᠤ ᠬᠦᠷᠭᠡᠵᠦ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ᠂ ᠰᠢᠨ᠎ᠡ ᠶᠢ ᠡᠭᠦᠳᠬᠦ ᠴᠢᠳᠠᠪᠤᠷᠢ᠂ ᠨᠢᠭᠡᠳᠦᠯᠲᠡᠢ ᠲᠥᠯᠥᠪᠵᠢᠭᠦᠯᠬᠦ ᠴᠢᠳᠠᠪᠤᠷᠢ᠂ ᠦᠢᠯᠡᠴᠢᠯᠡᠬᠦ ᠴᠢᠳᠠᠪᠤᠷᠢ᠂ ᠭᠦᠢᠴᠡᠳᠬᠡᠬᠦ ᠴᠢᠳᠠᠪᠤᠷᠢ ᠵᠡᠷᠭᠡ ᠲᠠᠯ᠎ᠠ ᠪᠠᠷ ᠬᠦᠴᠦ ᠣᠷᠣᠭᠤᠯᠵᠤ᠂ ᠰᠢᠨ᠎ᠡ ᠴᠠᠭ ᠦᠶ᠎ᠡ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠬᠡᠷᠡᠭᠴᠡᠭᠡ ᠳᠤ ᠨᠡᠩ ᠰᠠᠶᠢᠲᠤᠷ ᠵᠣᠬᠢᠴᠠᠬᠤ ᠬᠡᠷᠡᠭᠲᠡᠢ᠃ ᠺᠠᠳ᠋ᠷ ᠤᠨ ᠰᠤᠷᠲᠠᠯ ᠢ ᠦᠷᠭᠦᠯᠵᠢᠯᠡᠨ ᠬᠤᠪᠢᠷᠠᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠰᠤᠷᠲᠠᠯ ᠢᠶᠠᠨ ᠴᠢᠩᠭᠠᠳᠬᠠᠵᠤ᠂ ᠬᠠᠮᠢᠶᠠᠷᠤᠯᠲᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠦᠷᠢ ᠲᠥᠷᠬᠦ ᠶᠢ ᠱᠤᠭᠤᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠤᠳᠤᠷᠢᠳᠤᠮᠵᠢ ᠶᠢ ᠴᠢᠩᠭᠠᠳᠬᠠᠵᠤ᠂ ᠨᠢᠭᠡ ᠯᠡ ᠰᠡᠳᠬᠢᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠲᠠᠭᠤ ᠲᠠᠢ ᠨᠢ ᠬᠠᠯᠳᠠᠵᠤ ᠬᠦᠴᠢᠷ ᠠᠰᠠᠭᠤᠳᠠᠯ ᠢ ᠰᠢᠢᠳᠪᠦᠷᠢᠯᠡᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠮᠤᠷ ᠲᠦᠪᠰᠢᠨ ᠢ ᠪᠠᠲᠤᠯᠠᠵᠤ᠂ ᠠᠵᠢᠯ ᠬᠢᠬᠦ ᠶᠢ ᠯᠡ ᠡᠷᠬᠢᠮᠯᠡᠬᠦ ᠪᠣᠳᠠᠲᠠᠢ ᠶᠢ ᠡᠷᠬᠢᠮᠯᠡᠬᠦ ᠰᠢᠨ᠎ᠡ ᠳᠦᠷᠰᠦ ᠪᠠᠶᠢᠳᠠᠯ ᠢᠶᠠᠷ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃
W020240801778855707560.png
    ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠡᠷᠭᠡᠭ ᠪᠠᠶᠢᠳᠠᠯ ᠢᠶᠠᠨ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠣᠳᠣᠯ ᠪᠠ ᠢᠷᠠᠭᠤ ᠠᠯᠳᠠᠷᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠴᠠᠭ ᠢᠮᠠᠭᠲᠠ ᠰᠡᠳᠬᠢᠯ ᠠᠮᠤᠷ ᠪᠠᠶᠢᠬᠤ ᠰᠡᠳᠬᠢᠯᠭᠡ᠂ ᠴᠢᠩᠭ᠎ᠠ ᠨᠠᠷᠢᠯᠢᠭ ᠪᠣᠳᠠᠲᠠᠶ ᠪᠠᠶᠢᠬᠤ ᠠᠷᠭ᠎ᠠ ᠬᠡᠮᠵᠢᠶ᠎ᠡ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭ᠎ᠠ ᠡᠭᠦᠷᠭᠡᠯᠡᠯ ᠪᠠ ᠡᠭᠦᠷᠭᠡᠲᠦ ᠥᠷᠲᠡᠭ ᠢ ᠢᠯᠡᠷᠡᠭᠦᠯᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠴᠢᠩᠭᠠᠳᠬᠠᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠪᠥᠬᠦ ᠲᠠᠯ᠎ᠠ ᠪᠠᠷ ᠭᠦᠨᠵᠡᠭᠡᠶ ᠪᠠᠶᠢᠴᠠᠭᠠᠨ ᠳᠡᠯᠭᠡᠵᠦ᠂ ᠬᠡᠮ ᠰᠣᠭᠤᠭ ᠢ ᠪᠥᠬᠦ ᠶᠠᠪᠤᠴᠠ ᠳᠤ ᠵᠢᠭᠰᠠᠭᠠᠨ ᠪᠠᠶᠢᠴᠠᠭᠠᠬᠤ᠂ ᠠᠰᠠᠭᠤᠳᠠᠯ ᠢ ᠪᠥᠬᠦ ᠬᠦᠴᠦᠨ ᠢᠶᠠᠷ ᠴᠡᠭᠴᠡᠯᠡᠨ ᠵᠠᠰᠠᠬᠤ ᠶᠢ ᠢᠮᠠᠭᠲᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠭᠤᠤᠯ ᠰᠡᠳᠦᠪ ᠭᠤᠤᠯ ᠰᠢᠵᠢᠮ ᠪᠣᠯᠭᠠᠵᠤ᠂ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠨ ᠲᠡᠭᠦᠯᠳᠡᠷᠵᠢᠭᠦᠯᠵᠦ᠂  ᠰᠢᠢᠳᠪᠦᠷᠢᠯᠡᠬᠦ ᠰᠡᠳᠬᠢᠬᠦᠶ ᠪᠠᠷ ᠠᠰᠠᠭᠤᠳᠠᠯ ᠢ  ᠰᠢᠢᠳᠪᠦᠷᠢᠯᠡᠬᠦ ᠶᠢ ᠠᠬᠢᠭᠤᠯᠬᠤ ᠶᠢ ᠪᠠᠷᠢᠮᠲᠠᠯᠠᠬᠤ ᠬᠡᠷᠡᠭᠲᠡᠶ᠃ ᠭᠤᠤᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠤᠨᠳᠤᠤ ᠭᠠᠵᠠᠷ ᠲᠤ ᠰᠣᠯᠪᠢᠴᠠᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠳᠠᠯᠳᠠ ᠬᠡᠮ ᠰᠣᠭᠤᠭ ᠢ ᠶᠠᠭᠠᠬᠢᠭᠰᠠᠨ ᠴᠤ ᠪᠣᠳᠠᠲᠤ ᠠᠶᠤᠯ ᠲᠦᠭᠰᠢᠭᠦᠷᠢ ᠪᠣᠯᠭᠠᠵᠤ ᠪᠣᠯᠬᠤ ᠥᠬᠡᠶ᠂ ᠪᠣᠳᠠᠲᠤ ᠠᠶᠤᠯ ᠲᠦᠭᠰᠢᠭᠦᠷᠢ ᠶᠢ ᠶᠠᠭᠠᠬᠢᠭᠰᠠᠨ ᠴᠤ ᠪᠣᠳᠠᠲᠤ ᠬᠤᠤᠷ ᠬᠥᠨᠥᠭᠡᠯ ᠪᠣᠯᠭᠠᠵᠤ ᠪᠣᠯᠬᠤ ᠥᠬᠡᠶ᠃ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠲᠠᠶᠢᠪᠤᠰᠢᠷᠠᠬᠤ ᠪᠤᠳᠤᠯ ᠢ ᠲᠡᠪᠴᠢᠵᠦ᠂ ᠭᠤᠣᠯ ᠮᠥᠷᠡᠨ ᠨᠠᠭᠤᠷ ᠴᠥᠭᠦᠷᠥᠮ ᠤᠨ ᠬᠠᠰᠢᠯᠭ᠎ᠠ᠂ ᠠᠭᠤᠯᠠᠨ ᠦᠶᠡᠷ ᠤᠨ ᠭᠠᠮᠰᠢᠭ᠂ ᠴᠢᠬᠤᠯᠠ ᠬᠥᠭᠦᠷᠭᠡ᠂ ᠠᠶᠤᠯᠲᠠᠢ ᠵᠠᠮ ᠤᠨ ᠬᠡᠰᠡᠭ᠂ ᠬᠤᠳᠠ ᠶᠢᠨ ᠤᠰᠤᠲᠤᠯ ᠢ ᠲᠣᠭᠤᠷᠢᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠠᠶᠤᠯ ᠲᠦᠭᠰᠢᠭᠦᠷᠢ ᠲᠣᠬᠢᠶᠠᠯᠳᠤᠪᠠᠯ ᠥᠨᠳᠥᠷ ᠪᠦᠲᠦᠮᠵᠢᠲᠡᠢ ᠪᠠᠷ ᠬᠠᠮᠵᠢᠯᠴᠠᠨ ᠲᠦᠷᠭᠡᠨ ᠰᠢᠢᠳᠪᠦᠷᠢᠯᠡᠵᠦ᠂ ᠤᠯᠠᠨ ᠲᠦᠮᠡᠨ ᠢ ᠰᠢᠯᠵᠢᠭᠦᠯᠬᠦ ᠠᠵᠢᠯ ᠢ ᠤᠷᠢᠳᠴᠢᠯᠠᠨ ᠡᠮᠬᠢ ᠵᠢᠷᠤᠮ ᠲᠠᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠵᠠᠳᠠᠯᠤᠨ ᠰᠤᠳᠤᠯᠵᠤ ᠮᠠᠭᠠᠳᠯᠠᠬᠤ᠂ ᠮᠡᠳᠡᠭᠡ ᠵᠠᠩᠭᠢ ᠶᠢ ᠮᠡᠳᠡᠭᠳᠡᠬᠦ᠂ ᠠᠶᠤᠯ ᠲᠦᠭᠰᠢᠭᠦᠷᠢ ᠶᠢ ᠱᠠᠳᠤ ᠬᠤᠪᠢᠶᠠᠨ ᠬᠠᠮᠢᠶᠠᠷᠤᠨ ᠡᠵᠡᠮᠳᠡᠬᠦ ᠪᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠵᠡᠷᠭᠡ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠦᠷᠢᠮ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠢᠯᠯᠠᠭᠠᠨ ᠤ ᠲᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠴᠢᠩᠭ᠎ᠠ ᠬᠡᠷᠡᠭᠵᠢᠭᠦᠯᠵᠦ᠂ ᠠᠶᠤᠯ ᠲᠦᠭᠰᠢᠭᠦᠷᠢ ᠶᠢᠨ ᠬᠤᠪᠢᠰᠤᠯᠲᠠ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠣᠷᠣᠨ ᠨᠤᠲᠤᠭ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠭᠤᠣᠯᠯᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠨᠡᠶᠢᠭᠡᠮ ᠤᠨ ᠣᠷᠣᠯᠴᠠᠭᠰᠠᠨ ᠬᠠᠷᠢᠭᠤᠴᠠᠯᠭ᠎ᠠ ᠪᠣᠯᠤᠨ ᠠᠵᠢᠯ ᠤᠨ ᠪᠠᠶᠢᠷᠢ ᠶᠢᠨ ᠰᠢᠭᠤᠳ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠪᠠ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠤᠭᠰᠠᠨ᠂ ᠬᠦᠴᠦ ᠪᠠᠨ ᠬᠠᠮᠲᠤᠳᠬᠠᠨ ᠬᠦᠴᠦᠷᠬᠡᠭᠵᠢᠭᠰᠡᠨ ᠠᠵᠢᠯ ᠤᠨ ᠪᠠᠶᠢᠷᠢᠰᠢᠯ ᠢ ᠪᠦᠬᠦ ᠬᠦᠴᠦᠨ ᠢᠶᠠᠷ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠣᠳᠠᠲᠠᠶ ᠠᠵᠢᠯᠯᠠᠬᠤ ᠶᠢ ᠲᠡᠷᠢᠭᠦᠨ ᠳᠤ ᠲᠠᠯᠪᠢᠬᠤ᠂ ᠪᠠᠷᠢᠮᠵᠢᠶ᠎ᠠ ᠶᠢ ᠳᠡᠭᠡᠭᠰᠢᠯᠡᠭᠦᠯᠦᠨ ᠬᠤᠷᠳᠤᠴᠠ ᠶᠢ ᠲᠦᠷᠭᠡᠳᠬᠡᠬᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠰᠢᠰᠲ᠋ᠧᠮ ᠲᠠᠢ ᠵᠠᠰᠠᠬᠤ᠂ ᠦᠷ᠎ᠡ ᠪᠦᠲᠦᠮᠵᠢ ᠭᠠᠷᠭᠠᠬᠤ ᠶᠢ ᠪᠠᠷᠢᠮᠲᠠᠯᠠᠵᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠱᠠᠯᠠᠪᠳᠠᠨ ᠲᠦᠷᠭᠡᠨ ᠬᠢᠬᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ᠂ ᠠᠵᠢᠯ ᠬᠢᠵᠦ ᠦᠶ᠋ᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠴᠢᠩᠭ᠎ᠠ ᠱᠠᠭᠠᠷᠳᠠᠬᠤ ᠶᠢ ᠪᠠᠷᠢᠮᠲᠠᠯᠠᠵᠤ᠂ ᠴᠢᠩᠭ᠎ᠠ ᠬᠠᠮᠢᠶᠠᠷᠴᠤ ᠭᠦᠨ ᠬᠠᠯᠠᠮᠵᠢᠯᠠᠬᠤ ᠶᠢ ᠪᠡᠶᠡᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠦᠨᠡᠨ ᠬᠦ ᠰᠠᠶᠢᠲᠤᠷ ᠭᠦᠢᠴᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠣᠷᠣᠨ ᠤ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠠᠶᠢᠭᠤᠯᠭ᠎ᠠ ᠶᠢᠨ ᠤᠯᠤᠰ ᠲᠥᠷᠥ ᠶᠢᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠪᠠᠶᠢᠭᠤᠯᠭ᠎ᠠ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠥᠭᠡᠷᠡᠴᠢᠯᠡᠯᠲᠡ ᠶᠢ ᠪᠥᠬᠦ ᠬᠦᠴᠦᠨ ᠢᠶᠠᠷ ᠠᠬᠢᠭᠤᠯᠵᠤ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠨᠠᠷᠢᠯᠢᠭ ᠬᠠᠮᠢᠶᠠᠷᠬᠤ ᠪᠠ ᠵᠢᠷᠤᠮᠵᠢᠭᠤᠯᠤᠨ ᠠᠵᠢᠯᠯᠠᠭᠤᠯᠬᠤ ᠶᠢ ᠴᠢᠬᠤᠯᠠᠴᠢᠯᠠᠵᠤ᠂ ᠨᠢᠭᠡ ᠴᠣᠭᠴᠠᠵᠢᠭᠤᠯᠤᠨ ᠰᠢᠮᠳᠠᠭᠤᠯᠤᠨ ᠬᠠᠪᠰᠤᠷᠴᠤ ᠪᠠᠶᠢᠭᠠᠳ ᠦᠨᠳᠦᠰᠦᠨ ᠱᠠᠲᠤᠨ ᠤ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠰᠢᠨ᠎ᠡ ᠴᠠᠭ ᠦᠶ᠎ᠡ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠰᠢᠨ᠎ᠡ ᠬᠠᠷᠢᠭᠤᠯᠲᠠ ᠶᠢᠨ ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠡᠷᠡᠭᠲᠡᠶ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号