ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠣᠭᠤᠳᠬᠤ ᠭᠠᠵᠠᠷ ᠥᠪᠥᠷ ᠮᠣᠩᠭᠤᠯ ᠳᠤ ᠦᠶᠡᠷ ᠢ ᠰᠡᠷᠭᠡᠶᠢᠯᠡᠬᠦ ᠳᠥᠷᠪᠡᠳᠦᠭᠡᠷ ᠳᠡᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/8/9
    ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 8 ᠤ ᠡᠳᠦᠷ ᠤᠨ ᠮᠡᠳᠡᠭᠡ ︵ᠰᠤᠷᠪᠤᠯᠵᠢᠯᠠᠭᠴᠢ ᠵᠧᠤ ᠶᠤᠸᠠᠨ︶ ᠰᠤᠷᠪᠤᠯᠵᠢᠯᠠᠭᠴᠢ 8 ᠤ ᠡᠳᠦᠷ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠢᠷᠡᠬᠦ 4 ᠡᠳᠦᠷ ᠲᠤ ᠭᠠᠨᠰᠦ᠂ ᠨᠢᠩᠰᠢᠶᠠ᠂ ᠱᠠᠨᠰᠢ᠂ ᠥᠪᠥᠷ ᠮᠣᠩᠭᠤᠯ᠂ ᠱᠠᠨ ᠰᠢ᠂ ᠪᠡᠭᠡᠵᠢᠩ ᠂ ᠲᠢᠶᠠᠨᠵᠢᠨ᠂ ᠾᠧᠪᠧᠶ ᠵᠢᠴᠢ ᠵᠡᠭᠦᠨ ᠬᠤᠶᠢᠲᠤ ᠣᠷᠣᠨ ᠳᠤ ᠪᠠᠷᠠᠭᠤᠨ ᠠᠴᠠ ᠵᠡᠭᠦᠨᠰᠢ ᠶᠡᠭᠡ ᠪᠣᠷᠣᠭᠠᠨ ᠣᠷᠣᠵᠤ᠂ ᠬᠡᠰᠡᠭ ᠭᠠᠵᠠᠷ ᠲᠤ ᠰᠢᠷᠦᠭᠦᠨ ᠪᠣᠷᠣᠭᠠᠨ ᠣᠷᠣᠨ᠎ᠠ᠃ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠣᠭᠤᠳᠬᠤ ᠭᠠᠵᠠᠷ ᠲᠤᠰ ᠡᠳᠦᠷ ᠥᠪᠥᠷ ᠮᠣᠩᠭᠤᠯ ᠳᠤ ᠦᠶᠡᠷ ᠢ ᠰᠡᠷᠭᠡᠶᠢᠯᠡᠬᠦ ᠳᠥᠷᠪᠡᠳᠦᠭᠡᠷ ᠳᠡᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠥᠷᠨᠢᠭᠦᠯᠪᠡ᠃    ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠶ ᠵᠢᠯᠣᠭᠤᠳᠬᠤ ᠭᠠᠵᠠᠷ ᠤᠨ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ 8 ᠤ ᠡᠳᠦᠷ ᠴᠠᠭ ᠠᠭᠤᠷ᠂ ᠤᠰᠤᠨ ᠠᠰᠢᠭᠯᠠᠯᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠢ ᠦᠷᠭᠦᠯᠵᠢᠯᠡᠨ ᠵᠣᠬᠢᠶᠠᠨ ᠪᠠᠶᠢᠭᠤᠯᠵᠤ ᠦᠶᠡᠷ ᠢ ᠰᠡᠷᠭᠡᠶᠢᠯᠡᠬᠦ ᠲᠤᠰᠬᠠᠶ ᠰᠡᠳᠦᠪ ᠢᠶᠠᠷ ᠵᠥᠪᠳᠡᠯᠴᠡᠵᠦ᠂ ᠾᠧᠪᠧᠶ᠂ ᠱᠠᠨ ᠰᠢ᠂ ᠥᠪᠥᠷ ᠮᠣᠩᠭᠤᠯ᠂ ᠱᠠᠨᠳᠦ᠋ᠩ᠂ ᠰᠧᠴᠤᠸᠠᠨ᠂ ᠱᠠᠨᠰᠢ᠂ ᠨᠢᠩᠰᠢᠶᠠ ᠵᠡᠷᠭᠡ ᠭᠤᠤᠯᠳᠠᠯᠭ᠎ᠠ ᠲᠠᠢ ᠮᠤᠵᠢ ᠣᠷᠣᠨ ᠳᠤ ᠸᠢᠳᠢᠣ᠋ ᠪᠠᠷ ᠲᠣᠬᠢᠷᠠᠭᠤᠯᠤᠯᠲᠠ ᠬᠢᠵᠦ᠂ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠤᠨ ᠬᠥᠭᠵᠢᠯᠲᠡ ᠶᠢᠨ ᠬᠠᠨᠳᠤᠰᠢ ᠶᠢ ᠰᠤᠳᠤᠯᠤᠨ ᠮᠠᠭᠠᠳᠯᠠᠵᠤ᠂ ᠭᠤᠤᠯᠳᠠᠯᠭ᠎ᠠ ᠲᠠᠢ ᠭᠠᠵᠠᠷ ᠣᠷᠣᠨ ᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠬᠠᠤ ᠠᠵᠢᠯ ᠢ ᠪᠠᠶᠢᠷᠢᠯᠠᠭᠤᠯᠪᠠ᠃    ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠥᠪᠳᠡᠯᠴᠡᠬᠦ ᠳᠡᠭᠡᠨ᠂ ᠣᠳᠣᠬᠠᠨ ᠳᠤ ᠵᠡᠭᠦᠨ ᠬᠤᠶᠢᠲᠤ ᠣᠷᠣᠨ ᠤ ᠬᠡᠰᠡᠭ ᠭᠤᠣᠯ ᠮᠥᠷᠡᠨ ᠰᠡᠷᠡᠮᠵᠢ ᠶᠢᠨ ᠱᠤᠭᠤᠮ ᠠᠴᠠ ᠳᠠᠪᠠᠵᠤ ᠪᠠᠲᠤᠯᠠᠭ᠎ᠠ ᠠᠴᠠ ᠳᠠᠪᠠᠭ᠋ᠤ ᠶᠢ ᠪᠠᠲᠤᠯᠠᠵᠤ᠂ ᠦᠰᠰᠤᠷᠢ ᠮᠥᠷᠡᠨ ᠤ ᠤᠰᠤᠨ ᠲᠦᠪᠰᠢᠨ ᠦᠷᠭᠦᠯᠵᠢᠯᠡᠨ ᠳᠡᠭᠡᠭᠰᠢᠯᠡᠵᠦ ᠪᠠᠶᠢᠨ᠎ᠠ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠳᠣᠯᠣᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠬᠠᠷᠢᠭᠤᠴᠠᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠭᠤᠣᠯ ᠮᠥᠷᠡᠨ ᠤ ᠰᠠᠪᠠ ᠭᠠᠵᠠᠷ ᠤᠨ ᠴᠢᠨᠠᠷᠲᠠᠶ ᠦᠶᠡᠷ ᠤᠨ ᠤᠰᠤ ᠶᠢ ᠰᠡᠷᠭᠡᠶᠢᠯᠡᠬᠦ ᠪᠠ ᠬᠡᠰᠡᠭ ᠭᠠᠵᠠᠷ ᠲᠤ ᠰᠢᠷᠦᠭᠦᠨ ᠪᠣᠷᠣᠭᠠᠨ ᠣᠷᠣᠬᠤ ᠶᠢ ᠰᠡᠷᠭᠡᠶᠢᠯᠡᠨ ᠠᠷᠭᠠᠴᠠᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠤᠷᠢᠨ ᠪᠠᠶᠢᠴᠠᠭᠠᠵᠤ ᠰᠡᠷᠭᠡᠶᠢᠯᠡᠨ ᠰᠠᠬᠢᠬᠤ ᠪᠠᠨ ᠴᠢᠩᠭᠠᠳᠬᠠᠬᠤ ᠬᠡᠷᠡᠭᠲᠡᠶ᠃ ᠪᠠᠷᠠᠭᠤᠨ ᠬᠤᠶᠢᠲᠤ ᠣᠷᠣᠨ ᠤ ᠰᠢᠷᠦᠭᠦᠨ ᠪᠣᠷᠣᠭᠠᠨ ᠳᠤ ᠨᠥᠯᠥᠭᠡᠯᠡᠭᠳᠡᠭᠰᠡᠨ ᠭᠠᠵᠠᠷ ᠣᠷᠣᠨ ᠨᠤᠭᠤᠳ ᠨᠦᠯᠦᠮᠡᠯ ᠭᠠᠵᠠᠷ ᠤᠨ ᠬᠠᠰᠢᠯᠭ᠎ᠠ ᠶᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠶᠢ ᠴᠢᠩᠭᠠᠳᠬᠠᠨ᠂ ᠭᠠᠵᠠᠷ ᠤᠨ ᠭᠠᠮᠰᠢᠭ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠷᠠᠭᠤᠯᠵᠤ᠂ ᠰᠦᠷᠳᠡᠭᠦᠯᠦᠯ ᠳᠤ ᠤᠴᠠᠷᠠᠭᠰᠠᠨ ᠣᠯᠠᠨ ᠲᠦᠮᠡᠨ ᠢ ᠤᠷᠢᠳᠴᠢᠯᠠᠨ ᠡᠷᠡᠰ ᠰᠢᠭᠤᠷᠬᠠᠶ ᠪᠠᠷ ᠰᠢᠯᠵᠢᠭᠦᠯᠬᠦ ᠬᠡᠷᠡᠭᠲᠡᠶ᠃    ᠡᠭᠦᠨ ᠠᠴᠠ ᠭᠠᠳᠠᠨ᠎ᠠ᠂ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠶ ᠵᠢᠯᠣᠭᠤᠳᠬᠤ ᠭᠠᠵᠠᠷ ᠠᠴᠠ ᠯᠢᠶᠣᠤᠨᠢᠩ ᠭᠢᠷᠢᠨ ᠬᠠᠷᠠᠮᠥ᠋ᠷᠡᠨ ᠱᠠᠨᠰᠢ ᠭᠠᠨᠰᠦ ᠨᠢᠩᠰᠢᠶᠠ ᠶᠢᠨ ᠦᠶᠡᠷ ᠢ ᠰᠡᠷᠭᠡᠶᠢᠯᠡᠬᠦ ᠳᠥᠷᠪᠡᠳᠦᠭᠡᠷ ᠳᠡᠰ ᠤᠨ ᠠᠵᠢᠯᠯᠠᠭ᠎ᠠ ᠥᠷᠨᠢᠭᠦᠯᠵᠡᠶ᠃ ᠤᠯᠤᠰ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠬᠤᠨᠠᠨ ᠤ ᠤᠯᠤᠰ ᠤᠨ ᠬᠤᠶᠠᠳᠤᠭᠠᠷ ᠳᠡᠰ ᠤᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠪᠠᠲᠤᠯᠠᠪᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠳᠤᠮᠳᠠᠳᠤ ᠤᠯᠤᠰ ᠤᠨ ᠠᠨ ᠨᠧᠩ ᠢ ᠵᠣᠬᠢᠶᠠᠨ ᠪᠠᠶᠢᠭᠤᠯᠵᠤ 405 ᠬᠥᠮᠦᠨ᠂ 261 ᠰᠠᠤᠷᠢ ︵ᠢᠵᠢ︶ ᠲᠣᠨᠣᠭᠯᠠᠯ ᠬᠥᠳᠡᠯᠭᠡᠵᠦ᠂ ᠰᠧᠴᠤᠸᠠᠨ᠂ ᠬᠤᠨᠠᠨ᠂ ᠯᠢᠶᠣᠤᠨᠢᠩ ᠵᠡᠷᠭᠡ ᠭᠠᠵᠠᠷ ᠲᠤ ᠦᠶᠡᠷ ᠢ ᠰᠡᠷᠭᠡᠶᠢᠯᠡᠵᠦ ᠠᠶᠤᠯ ᠭᠠᠮᠰᠢᠭ ᠠᠴᠠ ᠠᠪᠤᠷᠠᠬᠤ ᠳᠤ ᠣᠷᠣᠯᠴᠠᠭᠤᠯᠪᠠ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号