9 ᠳ᠋ᠦ᠋ᠭᠡᠷ ᠰᠠᠷ᠎ᠠ ᠶᠢᠨ 1 ᠤ ᠡᠳᠦᠷ ᠬᠥᠯᠥᠨ ᠪᠤᠶᠢᠷ ᠬᠤᠲᠠ ᠶᠢᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠤᠶᠠᠷ ᠲᠥᠷᠥᠯ ᠵᠦᠢᠯ ᠢ ᠠᠮᠵᠢᠯᠲᠠ ᠲᠠᠢ ᠪᠠᠷ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠪᠠ
ᠨᠡᠶᠢᠲᠡᠯᠡᠭᠰᠡᠨ ᠴᠠᠭ᠄
2024/9/18
    9 ᠳ᠋ᠦ᠋ᠭᠡᠷ ᠰᠠᠷ᠎ᠠ ᠶᠢᠨ 1 ᠤ ᠡᠳᠦᠷ ᠬᠥᠯᠥᠨ ᠪᠤᠶᠢᠷ ᠬᠤᠲᠠ ᠶᠢᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠤᠶᠠᠷ ᠲᠥᠷᠥᠯ ᠵᠦᠢᠯ ᠢ ᠠᠮᠵᠢᠯᠲᠠ ᠲᠠᠢ ᠪᠠᠷ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠪᠠ᠃ ᠡᠭᠦᠨ ᠳᠤ᠂ ᠬᠤᠸᠠ ᠨᠧᠩ ᠤᠨ ᠮᠠᠨᠵᠤᠤᠷ ᠤᠨ ᠳᠠᠯᠠᠢ ᠨᠠᠭᠤᠷ ᠲᠠᠬᠢ ᠢᠯᠴᠢ ᠴᠠᠬᠢᠯᠭᠠᠨ ᠤ ᠦᠢᠯᠡᠳᠪᠦᠷᠢ ᠶᠢᠨ ᠭᠠᠯ ᠴᠠᠬᠢᠯᠭᠠᠨ ᠢ ᠬᠡᠷᠡᠭᠯᠡᠨ ᠠᠮᠢᠳᠤᠯᠢᠭ ᠢᠶᠠᠷ ᠥᠭᠡᠷᠡᠴᠢᠯᠡᠨ ᠵᠠᠰᠠᠵᠤ ᠲᠣᠬᠢᠷᠠᠭᠤᠯᠤᠨ ᠪᠠᠶᠢᠭᠤᠯᠬᠤ 30 ᠲᠦᠮᠡᠨ ᠺᠢᠯᠣᠸᠠᠲ ︵ᠠᠷᠤᠨ ᠬᠤᠰᠢᠭᠤ︶ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 14.86 ᠳ᠋ᠦᠩᠰᠢᠭᠤᠷ ᠲᠥᠭᠦᠷᠢᠭ᠂ ᠳᠠᠩ ᠮᠠᠰᠢᠨ ᠤ ᠪᠠᠭᠲᠠᠭᠠᠮᠵᠢ ᠨᠢ 6.25 ᠮᠧᠭ᠎ᠠ ᠸᠠᠲ ᠤᠨ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢ 48 ᠤᠭᠰᠠᠷᠠᠪᠠ︔ ᠬᠤᠸᠠ ᠨᠧᠩ ᠬᠠᠶᠢᠯᠠᠷ ᠲᠠᠬᠢ ᠢᠯᠴᠢ ᠴᠠᠬᠢᠯᠭᠠᠨ ᠤ ᠦᠢᠯᠡᠳᠪᠦᠷᠢ ᠶᠢᠨ ᠭᠠᠯ ᠴᠠᠬᠢᠯᠭᠠᠨ ᠢ ᠬᠡᠷᠡᠭᠯᠡᠨ ᠠᠮᠢᠳᠤᠯᠢᠭ ᠢᠶᠠᠷ ᠥᠭᠡᠷᠡᠴᠢᠯᠡᠨ ᠵᠠᠰᠠᠵᠤ ᠲᠣᠬᠢᠷᠠᠭᠤᠯᠤᠨ ᠪᠠᠶᠢᠭᠤᠯᠬᠤ 30 ᠲᠦᠮᠡᠨ ᠺᠢᠯᠣᠸᠠᠲ ︵ᠠᠷᠤᠨ ᠬᠤᠰᠢᠭᠤ︶ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 14.75 ᠳ᠋ᠦᠩᠰᠢᠭᠤᠷ ᠲᠥᠭᠦᠷᠢᠭ᠂ ᠳᠠᠩ ᠮᠠᠰᠢᠨ ᠤ ᠪᠠᠭᠲᠠᠭᠠᠮᠵᠢ ᠨᠢ 6.25 ᠮᠧᠭ᠎ᠠ ᠸᠠᠲ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢ 48 ᠤᠭᠰᠠᠷᠠᠵᠤ᠂ 220 ᠺᠢᠯᠣᠸᠠᠲ ᠤᠨ ᠬᠦᠴᠦᠳᠡᠯ ᠨᠡᠮᠡᠭᠳᠡᠭᠦᠯᠬᠦ ᠦᠷᠳᠡᠭᠡ ᠶᠢ 1 ᠰᠢᠨ᠎ᠡ ᠪᠠᠷ ᠪᠠᠶᠢᠭᠤᠯᠤᠭᠰᠠᠨ ᠪᠠ 220 ᠺᠢᠯᠣᠸᠠᠲ ᠤᠨ ᠴᠠᠬᠢᠯᠭᠠᠨ ᠬᠦᠴᠦᠳᠡᠯ ᠤᠨ ᠳᠡᠰ ᠤᠨ ᠵᠠᠯᠭᠠᠬᠤ ᠰᠢᠰᠲ᠋ᠧᠮ ᠢ 1 ᠢᠵᠢ ᠰᠢᠨ᠎ᠡ ᠪᠠᠷ ᠪᠠᠶᠢᠭᠤᠯᠪᠠ᠃ ᠬᠤᠶᠠᠷ ᠲᠥᠷᠥᠯ ᠵᠦᠢᠯ ᠨᠢ ᠠᠮᠵᠢᠯᠲᠠ ᠲᠠᠢ ᠪᠠᠷ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠭᠰᠠᠨ ᠤ ᠳᠠᠷᠠᠭ᠎ᠠ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 15.72 ᠳ᠋ᠦᠩᠰᠢᠭᠤᠷ ᠺᠢᠯᠣᠸᠠᠲ ᠴᠠᠭ ᠲᠤ ᠬᠦᠷᠬᠦ ᠪᠣᠯᠤᠨ᠎ᠠ᠃ ︵ᠬᠦᠯᠦᠨ ᠪᠤᠶᠢᠷ ᠬᠤᠳᠠ ᠶᠢᠨ ᠵᠠᠰᠠᠭ ᠤᠨ ᠤᠷᠳᠤᠨ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号