ᠤᠰᠤ ᠲᠠᠲᠠᠬᠤ ᠵᠥᠪᠰᠢᠶᠡᠷᠡᠯ ᠳᠤ ᠣᠷᠣᠭᠤᠯᠪᠠᠰᠤ ᠵᠣᠬᠢᠬᠤ ᠪᠠ ᠳᠠᠩᠰᠠᠯᠠᠭᠤᠯᠬᠤ ᠶᠣᠰᠣᠲᠠᠢ ᠴᠡᠪᠡᠷᠯᠡᠨ ᠬᠠᠳᠠᠭᠠᠵᠤ ᠤᠰᠤ ᠵᠠᠯᠠᠬᠤ ᠬᠡᠮᠵᠢᠶᠡᠨ ᠤ ᠬᠡᠪᠴᠢᠶᠡᠨ ᠤ ᠪᠠᠷᠢᠮᠵᠢᠶ᠎ᠠ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/9/18
    ᠥᠪᠥᠷ ᠮᠣᠩᠭᠤᠯ ᠤᠨ ᠥᠪᠡᠷᠲᠡᠭᠡᠨ ᠵᠠᠰᠠᠬᠤ    ᠣᠷᠣᠨ ᠤ ᠠᠷᠠᠳ ᠤᠨ ᠵᠠᠰᠠᠭ ᠤᠨ ᠣᠷᠳᠣᠨ                                  ᠥᠪᠥᠷ ᠵᠠᠰᠠᠭ ᠦᠰᠦᠭ  ﹇2024﹈ 45 ᠳ᠋ᠤᠭᠠᠷ ᠲᠣᠭᠠᠲᠤ                 ᠤᠰᠤ ᠲᠠᠲᠠᠬᠤ ᠵᠥᠪᠰᠢᠶᠡᠷᠡᠯ ᠳᠤ ᠣᠷᠣᠭᠤᠯᠪᠠᠰᠤ ᠵᠣᠬᠢᠬᠤ ᠪᠠ ᠳᠠᠩᠰᠠᠯᠠᠭᠤᠯᠬᠤ ᠶᠣᠰᠣᠲᠠᠢ                 ᠴᠡᠪᠡᠷᠯᠡᠨ ᠬᠠᠳᠠᠭᠠᠵᠤ ᠤᠰᠤ ᠵᠠᠯᠠᠬᠤ ᠬᠡᠮᠵᠢᠶᠡᠨ ᠤ ᠬᠡᠪᠴᠢᠶᠡᠨ ᠤ ᠪᠠᠷᠢᠮᠵᠢᠶ᠎ᠠ ᠶᠢᠨ ᠲᠤᠬᠠᠢ             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄    ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠵᠢᠷᠭᠤᠳᠤᠭᠠᠷ ᠵᠦᠢᠯ᠂ ᠲᠠᠪᠢᠨ ᠬᠤᠶᠠᠳᠤᠭᠠᠷ ᠵᠦᠢᠯ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠳᠦᠷᠢᠮ︾ ᠤᠨ ᠠᠷᠪᠠᠨ ᠨᠠᠢᠮᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠳᠠᠩᠰᠠᠯᠠᠭᠤᠯᠬᠤ ᠴᠢᠬᠤᠯᠠᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠵᠢᠴᠢ ᠭᠠᠵᠠᠷ ᠳᠣᠣᠷᠠᠬᠢ ᠤᠰᠤᠨ ᠳᠤ ᠠᠰᠢᠭ ᠦᠭᠡᠢ ᠨᠥᠯᠥᠭᠡ ᠪᠣᠯᠬᠤ ᠶᠢ ᠰᠡᠷᠭᠡᠶᠢᠯᠡᠬᠦ ᠠᠷᠭ᠎ᠠ ᠬᠡᠮᠵᠢᠶᠡᠨ ᠤ ᠲᠥᠰᠥᠯ ᠳᠠᠬᠢ ᠭᠠᠵᠠᠷ ᠳᠣᠣᠷᠠᠬᠢ ᠪᠠᠷᠢᠯᠭ᠎ᠠ ᠶᠢᠨ ᠤᠰᠤ ᠵᠠᠯᠠᠬᠤ ᠬᠡᠪᠴᠢᠶ᠎ᠡ᠂ ᠤᠰᠤ ᠲᠠᠲᠠᠬᠤ ᠵᠥᠪᠰᠢᠶᠡᠷᠡᠯ ᠢ ᠬᠠᠤᠯᠢ ᠶᠣᠰᠣᠭᠠᠷ ᠭᠤᠶᠤᠴᠢᠯᠠᠨ ᠭᠦᠢᠴᠡᠳᠬᠡᠪᠡᠰᠦ ᠵᠣᠬᠢᠬᠤ ᠠᠭᠤᠷᠬᠠᠢ ᠶᠢᠨ ᠡᠬᠢ ᠪᠠᠶᠠᠯᠢᠭ ᠤᠨ ᠨᠡᠭᠡᠭᠡᠯᠲᠡ ᠮᠠᠯᠲᠠᠯᠲᠠ ᠪᠠ ᠭᠠᠵᠠᠷ ᠳᠣᠣᠷᠠᠬᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠴᠡᠪᠡᠷᠯᠡᠨ ᠬᠠᠳᠠᠭᠠᠵᠤ ᠤᠰᠤ ᠵᠠᠯᠠᠬᠤ ᠬᠡᠮᠵᠢᠶᠡᠨ ᠤ ᠬᠡᠪᠴᠢᠶᠡᠨ ᠤ ᠪᠠᠷᠢᠮᠵᠢᠶ᠎ᠠ ᠶᠢ ᠳᠣᠣᠷᠠᠬᠢ ᠮᠡᠲᠦ ᠮᠡᠳᠡᠭᠳᠡᠪᠡ᠃    ᠨᠢᠭᠡ᠂ ᠣᠨ ᠤ ᠴᠡᠪᠡᠷᠯᠡᠨ ᠬᠠᠳᠠᠭᠠᠵᠤ ᠤᠰᠤ ᠵᠠᠯᠠᠬᠤ ᠬᠡᠮᠵᠢᠶ᠎ᠡ ᠨᠢ 1 ᠲᠦᠮᠡᠨ ᠺᠦᠪ ᠮᠧᠲᠷ ᠵᠢᠴᠢ ᠲᠡᠭᠦᠨ ᠠᠴᠠ ᠳᠡᠭᠡᠭᠰᠢᠬᠢ ᠭᠠᠵᠠᠷ ᠳᠣᠣᠷᠠᠬᠢ ᠪᠠᠷᠢᠯᠭ᠎ᠠ ᠶᠢ ᠪᠦᠲᠦᠭᠡᠨ ᠪᠠᠶᠢᠭᠤᠯᠬᠤ ᠨᠢᠭᠡᠴᠢ ᠪᠠ ᠬᠤᠪᠢ ᠬᠥᠮᠥᠨ ᠨᠢ ᠪᠠᠷᠢᠯᠭ᠎ᠠ ᠡᠬᠢᠯᠡᠭᠦᠯᠬᠦ ᠠᠴᠠ ᠡᠮᠦᠨ᠎ᠡ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠪᠠ ᠭᠠᠵᠠᠷ ᠳᠣᠣᠷᠠᠬᠢ ᠤᠰᠤᠨ ᠳᠤ ᠠᠰᠢᠭ ᠦᠭᠡᠢ ᠨᠥᠯᠥᠭᠡ ᠪᠣᠯᠬᠤ ᠶᠢ ᠰᠡᠷᠭᠡᠶᠢᠯᠡᠬᠦ ᠠᠷᠭ᠎ᠠ ᠬᠡᠮᠵᠢᠶᠡᠨ ᠤ ᠲᠥᠰᠥᠯ ᠢᠶᠠᠨ ᠬᠠᠮᠢᠶᠠᠷᠤᠯᠲᠠ ᠶᠢᠨ ᠡᠷᠬᠡ ᠮᠡᠳᠡᠯ ᠲᠠᠢ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠢ᠃    ᠬᠤᠶᠠᠷ᠂ ᠠᠭᠤᠷᠬᠠᠢ ᠶᠢᠨ ᠡᠬᠢ ᠪᠠᠶᠠᠯᠢᠭ ᠤᠨ ᠨᠡᠭᠡᠭᠡᠯᠲᠡ ᠮᠠᠯᠲᠠᠯᠲᠠ᠂ ᠭᠠᠵᠠᠷ ᠳᠣᠣᠷᠠᠬᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠨ ᠤ ᠴᠡᠪᠡᠷᠯᠡᠨ ᠬᠠᠳᠠᠭᠠᠵᠤ ᠤᠰᠤ ᠵᠠᠯᠠᠬᠤ ᠬᠡᠮᠵᠢᠶ᠎ᠡ ᠨᠢ 1 ᠲᠦᠮᠡᠨ ᠺᠦᠪ ᠮᠧᠲᠷ ᠵᠢᠴᠢ ᠲᠡᠭᠦᠨ ᠠᠴᠠ ᠳᠡᠭᠡᠭᠰᠢ ᠪᠠᠶᠢᠪᠠᠯ᠂ ᠤᠰᠤ ᠲᠠᠲᠠᠬᠤ ᠵᠥᠪᠰᠢᠶᠡᠷᠡᠯ ᠢ ᠬᠠᠤᠯᠢ ᠶᠣᠰᠣᠭᠠᠷ ᠭᠤᠶᠤᠴᠢᠯᠠᠵᠤ᠂ ᠤᠰᠤ ᠵᠠᠯᠠᠬᠤ ᠬᠡᠮᠵᠢᠶ᠎ᠡ ᠶᠢ ᠬᠡᠮᠵᠢᠬᠦ ᠪᠡᠯᠡᠳᠬᠡᠮᠵᠢ ᠤᠭᠰᠠᠷᠠᠬᠤ ᠶᠢᠨ ᠬᠠᠮᠲᠤ᠂ ᠤᠰᠤ ᠲᠠᠲᠠᠬᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠴᠡᠪᠡᠷᠯᠡᠨ ᠬᠠᠳᠠᠭᠠᠵᠤ ᠤᠰᠤ ᠵᠠᠯᠠᠬᠤ ᠬᠡᠮᠵᠢᠶ᠎ᠡ ᠪᠠ ᠭᠠᠵᠠᠷ ᠳᠣᠣᠷᠠᠬᠢ ᠤᠰᠤᠨ ᠲᠦᠪᠰᠢᠨ ᠤ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠢ᠃                                 2024 ᠣᠨ ᠤ 3 ᠳ᠋ᠤᠭᠠᠷ ᠰᠠᠷ᠎ᠠ ᠶᠢᠨ 12 ᠤᠨ ᠡᠳᠦᠷ                                     ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号