ᠬᠤ᠋ ᠴᠦᠨ ᠬᠤᠸᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠤᠭᠤᠷᠢᠨ ᠪᠠᠶᠢᠴᠠᠭᠠᠬᠤ ᠪᠦᠯᠬᠦᠮ ᠢ ᠳᠠᠭᠠᠭᠤᠯᠤᠨ ᠮᠠᠨ ᠤ ᠣᠷᠣᠨ ᠤ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ ᠪᠠᠶᠢᠭ᠎ᠠ ᠪᠠᠶᠢᠳᠠᠯ ᠢ ᠲᠤᠭᠤᠷᠢᠨ ᠦᠵᠡᠪᠡ
ᠨᠡᠶᠢᠲᠡᠯᠡᠭᠰᠡᠨ ᠴᠠᠭ᠄
2024/9/18
ᠰᠦᠨ ᠱᠤᠤ ᠴᠧᠩ᠂ ᠸᠠᠩ ᠯᠢ ᠰᠢᠶᠠ᠂ ᠵᠠᠩ ᠶᠠᠨ ᠺᠦᠨ ᠨᠠᠷ ᠠᠭᠤᠯᠵᠠᠯᠲᠠ ᠳᠤ ᠣᠷᠣᠯᠴᠠᠪᠠ      ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠤ᠋ ᠴᠦᠨ ᠬᠤᠸᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠠᠷᠢᠶᠠᠯᠠᠩ ᠪᠠ ᠬᠥᠳᠡᠭᠡ ᠲᠣᠰᠬᠤᠨ ᠤ ᠵᠥᠪᠯᠡᠯ ᠤᠨ ᠲᠤᠰᠬᠠᠢ ᠰᠡᠳᠦᠪᠲᠦ ᠲᠤᠭᠤᠷᠢᠨ ᠪᠠᠶᠢᠴᠠᠭᠠᠬᠤ ᠪᠦᠯᠬᠦᠮ ᠤᠨ ᠬᠢᠨ ᠢ ᠳᠠᠭᠠᠭᠤᠯᠤᠨ 9 ᠳ᠋ᠤᠬᠡᠷ ᠰᠠᠷ᠎ᠠ ᠶᠢᠨ 9 ᠠᠴᠠ 13 ᠳᠤ ︽ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠳᠤ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ︾ ᠠᠵᠢᠯ ᠤᠨ ᠲᠣᠭᠤᠷᠢᠨ ᠳᠤ ᠥᠪᠥᠷ ᠮᠣᠩᠭᠤᠯ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠴᠢᠨᠠᠷᠲᠠᠢ ᠲᠤᠭᠤᠷᠢᠨ ᠪᠠᠶᠢᠴᠠᠭᠠᠬᠤ ᠠᠵᠢᠯ ᠥᠷᠨᠢᠭᠦᠯᠪᠡ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠨᠠᠷ 9 ᠳ᠋ᠤᠬᠡᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ ᠬᠥᠬᠡᠬᠤᠲᠠ ᠳᠤ ᠬᠤ᠋ ᠴᠦᠨ ᠬᠤᠸᠠ ᠲᠠᠢ ᠠᠭᠤᠯᠵᠠᠪᠠ     ᠲᠤᠭᠤᠷᠢᠨ ᠪᠠᠶᠢᠴᠠᠭᠠᠬᠤ ᠪᠦᠯᠬᠦᠮ ᠤᠨ ᠬᠢᠨ ᠬᠥᠬᠡᠬᠤᠲᠠ᠂ ᠪᠤᠭᠤᠲᠤ᠂ ᠣᠷᠳᠣᠰ᠂ ᠪᠠᠶᠠᠨᠨᠠᠭᠤᠷ᠂ ᠦᠬᠠᠢ ᠵᠡᠷᠭᠡ ᠭᠠᠵᠠᠷ ᠲᠤ ᠰᠤᠮᠤ ᠰᠢᠶᠠᠩ ᠪᠠᠯᠭᠠᠰᠤ᠂ ᠲᠠᠷᠢᠶᠠᠴᠢᠨ ᠡᠷᠦᠬᠡ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠦᠭᠰᠡᠨ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠭᠰᠡᠨ ᠪᠠ ᠡᠬᠢ ᠪᠠᠶᠠᠯᠢᠭᠵᠢᠭᠤᠯᠤᠨ ᠠᠰᠢᠭᠯᠠᠭᠰᠠᠨ ᠵᠡᠷᠭᠡ ᠪᠠᠶᠢᠳᠠᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠠᠪᠤᠴᠠ ᠳᠤ  ᠬᠢ ᠲᠤᠷᠰᠢᠯᠭ᠎ᠠ ᠶᠢ ᠭᠦᠢᠴᠡᠳ ᠣᠶᠢᠯᠠᠭᠠᠪᠠ᠃ ᠲᠤᠭᠷᠢᠨ ᠪᠠᠶᠢᠴᠠᠭᠠᠬᠤ ᠪᠦᠯᠬᠦᠮ ᠤᠨ ᠬᠢᠨ ᠲᠤᠬᠠᠢ ᠶᠢᠨ ᠭᠠᠵᠠᠷ  ᠲᠤ ᠨᠢ ᠣᠯᠵᠤ ᠮᠡᠳᠡᠭᠰᠡᠨ ᠢᠶᠠᠷ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠥᠪᠥᠷ ᠮᠣᠩᠭᠤᠯ ᠤᠨ  ᠬᠢᠨ ᠰᠢ ᠶᠢᠨ ᠫᠢᠩ ᠤ ᠶᠡᠷᠦᠩᠬᠡᠢ ᠱᠦᠵᠢ ᠶᠢᠨ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ ᠂ ᠮᠠᠯᠴᠢᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠤᠨ ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠳᠤ ᠤᠳᠤ ᠦᠶ᠎ᠡ ᠶᠢᠨ ᠠᠮᠢᠳᠤᠷᠠᠯ ᠤᠨ ᠨᠥᠬᠦᠴᠡᠯ ᠢ ᠦᠨᠳᠦᠰᠦᠨ ᠳᠤ  ᠪᠠᠨ ᠪᠦᠷᠢᠯᠳᠦᠭᠦᠯᠬᠦ ᠪᠠᠷ ᠬᠠᠷᠠᠯᠲᠠ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠡᠭᠡᠭᠰᠢᠯᠡᠬᠦᠯᠬᠦ ᠠᠵᠢᠯ ᠢ ᠦᠷᠭᠦᠯᠵᠢᠯᠡᠨ ᠠᠬᠢᠭᠤᠯᠬᠤ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠣᠯᠵᠠᠢ᠃    ᠲᠤᠭᠤᠷᠢᠨ ᠪᠠᠶᠢᠴᠠᠭᠠᠬᠤ ᠪᠦᠯᠬᠦᠮ ᠤᠨ ᠬᠢᠨ᠄ ︽ᠬᠥᠳᠡᠭᠡ ᠲᠣᠰᠬᠤᠨ ᠤ ᠬᠢᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠪᠠ ᠪᠦᠬᠦ ᠲᠠᠯ᠎ᠠ ᠶᠢᠨ ᠥᠨᠳᠥᠷᠴᠡ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠭᠤᠣᠯᠳᠠᠯᠭ᠎ᠠ ᠲᠠᠢ ᠡᠭᠦᠷᠭᠡ ᠪᠦᠬᠡᠳ ᠮᠠᠯᠴᠢᠨ ᠲᠠᠷᠢᠶᠠᠴᠢᠨ ᠤ ᠦᠨᠳᠦᠰᠦᠨ ᠪᠤᠶᠠᠨ ᠵᠢᠷᠭᠠᠯ ᠲᠠᠢ ᠬᠤᠯᠪᠣᠭᠳᠠᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠢ ᠥᠷᠨᠢᠭᠦᠯᠬᠦ ᠳᠤᠮᠳᠠ ︿ᠮᠢᠩᠭᠠᠨ ᠲᠦᠮᠡ ᠶᠢᠨ ᠢᠨᠵᠧᠨᠧᠷᠢᠩ﹀ ᠤᠨ ᠲᠤᠷᠰᠢᠯᠭ᠎ᠠ ᠶᠢ ᠤᠯᠠᠮ ᠦᠢᠯᠡᠳᠦᠯᠭᠡᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ᠂ ᠡᠯ᠎ᠡ ᠵᠠᠩᠭᠢᠯᠠᠭ᠎ᠠ ᠶᠢᠨ ᠬᠤᠭᠤᠷᠣᠨᠳᠣᠬᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠬᠤ ᠬᠡᠷᠡᠭᠳᠡᠢ᠃ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠵᠠᠰᠠᠬᠤ ᠪᠠ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠠᠵᠢᠯ ᠢ ᠠᠬᠢᠭᠤᠯᠵᠤ᠂ ᠬᠥᠳᠡᠭᠡ ᠲᠣᠰᠬᠤᠨ ᠤ ᠣᠷᠭᠠᠨᠢᠭ ᠠᠮᠢᠳᠤᠷᠠᠯ ᠤᠨ ᠬᠤᠭ ᠨᠣᠪᠰᠢ᠂ ᠵᠣᠷᠯᠣᠩ ᠤᠨ ᠬᠠᠶᠠᠬᠳᠠᠮᠠᠯ ᠤᠨ ᠪᠣᠬᠢᠷᠲᠤᠯ᠂ ᠲᠠᠷᠢᠶᠠᠯᠠᠩ ᠤᠨ ᠦᠢᠯᠡᠳᠪᠦᠷᠢᠯᠡᠯ ᠤᠨ ᠣᠷᠭᠠᠨᠢᠭ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠰᠢᠢᠳᠪᠦᠷᠢᠯᠡᠵᠦ ᠠᠰᠢᠭᠯᠠᠬᠤ ᠶᠢ ᠬᠠᠮᠵᠢᠯᠴᠠᠨ ᠠᠬᠢᠭᠤᠯᠬᠤ ᠬᠡᠷᠡᠭᠳᠡᠢ᠃ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠬᠤᠭ ᠨᠣᠪᠰᠢ ᠶᠢᠨ ᠡᠬᠢ ᠰᠤᠷᠪᠤᠯᠵᠢ ᠶᠢ ᠲᠦᠷᠦᠯ ᠬᠤᠪᠢᠶᠠᠨ ᠬᠡᠮᠵᠢᠶ᠎ᠡ ᠶᠢ ᠪᠠᠭᠠᠰᠬᠠᠬᠤ ᠶᠢ ᠠᠬᠢᠭᠤᠯᠤᠭᠠᠳ ᠬᠥᠳᠡᠭᠡ ᠲᠣᠰᠬᠤᠨ ᠤ ᠣᠨᠴᠠᠯᠢᠭ ᠪᠠ ᠲᠠᠷᠢᠶᠠᠴᠢᠳ ᠤᠨ ᠵᠠᠩ ᠳᠠᠳᠬᠠᠯ ᠳᠤ ᠨᠡᠶᠢᠴᠡᠭᠰᠡᠨ᠂ ᠬᠡᠷᠡᠭᠯᠡᠬᠦ ᠳᠤ ᠲᠦᠬᠦᠮ ᠪᠥᠭᠡᠳ ᠠᠮᠠᠷᠬᠠᠨ ᠲᠦᠷᠦᠯ ᠬᠤᠪᠢᠶᠠᠨ ᠰᠢᠢᠳᠪᠦᠷᠢᠯᠡᠬᠦ ᠵᠠᠭᠪᠤᠷ ᠢ ᠢᠳᠡᠪᠬᠢᠲᠡᠢ ᠰᠦᠪᠡᠭᠴᠢᠯᠡᠬᠦ ᠬᠡᠷᠡᠭᠳᠡᠢ᠃ ᠬᠥᠳᠡᠭᠡ ᠲᠣᠰᠬᠤᠨ ᠤ ᠲᠠᠬᠢᠨ ᠠᠰᠢᠬᠯᠠᠵᠤ ᠪᠤᠯᠬᠤ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠲᠤᠤᠷᠵᠢᠯ ᠢ ᠲᠡᠭᠦᠯᠳᠡᠷᠵᠢᠭᠦᠯᠵᠦ᠂ ᠲᠠᠬᠢᠨ ᠠᠰᠢᠬᠯᠠᠵᠤ ᠪᠤᠯᠬᠤ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠲᠤᠤᠷᠵᠢᠯ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠡᠭᠡᠭᠡᠪᠦᠷᠢ ᠶᠢᠨ ᠲᠤᠤᠷᠵᠢᠯ ᠤᠨ ᠬᠠᠮᠳᠤᠷᠠᠬᠤ ᠪᠠ ᠠᠭᠤᠰᠤᠯᠴᠠᠭ᠎ᠠ ᠶᠢ ᠢᠳᠡᠪᠬᠢᠲᠡᠢ ᠪᠠᠷ ᠠᠬᠢᠭᠤᠯᠬᠤ ᠬᠡᠷᠡᠭᠳᠡᠢ᠃ ᠤᠬᠠᠭᠤᠯᠤᠨ ᠵᠢᠯᠤᠭᠤᠳᠬᠤ ᠠᠵᠢᠯ ᠢ ᠴᠢᠩᠭᠠᠳᠬᠠᠵᠤ᠂ . ᠮᠠᠯᠴᠢᠨ ᠲᠠᠷᠢᠶᠠᠴᠢᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ᠂ ᠲᠠᠷᠢᠶᠠᠴᠢᠨ ᠣᠯᠠᠨ ᠲᠦᠮᠡᠨ ᠤ ᠣᠷᠣᠯᠴᠠᠬᠤ ᠪᠠ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ︾ ᠬᠡᠵᠡᠢ᠃    ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠠᠷᠢᠶᠠᠯᠠᠩ ᠪᠠ ᠬᠥᠳᠡᠭᠡ ᠲᠣᠰᠬᠤᠨ ᠤ ᠵᠥᠪᠯᠡᠯ ᠤᠨ ᠳᠡᠳ᠋ ᠡᠷᠬᠢᠯᠡᠭᠴᠢ ᠸᠠᠩ ᠰᠢᠶᠣᠣ ᠳ᠋ᠦᠩ᠂ ᠴᠢᠵᠠᠯᠠ᠂ ᠬᠤᠸᠠᠩ ᠢᠦᠢ ᡁᠢ᠂ ᠵᠢᠶᠠᠩ ᠰᠢᠦᠢ ᠭᠤᠸᠠᠩ᠂ ᠯᠢᠶᠠᠩ ᠶᠧ ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢᠦᠢ ᠪᠧᠨ ᠬᠤᠩ᠂ ᠯᠦ ᠮᠢᠨ᠂ ᠵᠠᠩ ᠾᠧ ᠫᠢᠩ᠂ ᠠᠯᠳᠠᠨᠳᠠᠯᠠᠢ᠂ ᠶᠢᠨ ᠯᠢᠶᠠᠩ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠮᠢᠶ᠎ᠠ ᠪᠦᠬᠦᠢ ᠨᠥᠬᠦᠳ ᠠᠵᠢᠯ ᠲᠤᠭᠤᠷᠢᠨ ᠪᠠᠶᠢᠴᠠᠭᠠᠬᠤ ᠠᠵᠢᠯ ᠳᠤ ᠣᠷᠣᠯᠴᠠᠪᠠ᠃ ᠦᠪᠤᠷ ᠮᠤᠩᠭᠤᠯ  ᠤᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠵᠠᠩ ᠯᠧᠢ ᠬᠤᠯᠪᠣᠭᠳᠠᠯ ᠪᠦᠬᠦᠢ ᠠᠵᠢᠯᠯᠠᠭ᠎ᠠ ᠳᠤ ᠤᠷᠤᠯᠴᠠᠯ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号