︽ᠠᠨᠠᠷ ᠴᠡᠴᠡᠭ ᠳᠡᠯᠭᠡᠷᠡᠵᠦ ᠦᠷ᠎ᠡ ᠪᠦᠬᠦᠨ ᠰᠡᠳᠬᠢᠯ ᠨᠢᠭᠡᠳᠦᠨ᠎ᠡ︾ ᠭᠡᠬᠦ ᠰᠦᠯᠵᠢᠶᠡᠨ ᠤ ᠭᠤᠤᠯ ᠰᠡᠳᠦᠪᠲᠦ ᠠᠵᠢᠯᠯᠠᠭ᠎ᠠ ᠥᠪᠥᠷ ᠮᠣᠩᠭᠤᠯ ᠳᠤ ᠡᠬᠢᠯᠡᠪᠡ
ᠨᠡᠶᠢᠲᠡᠯᠡᠭᠰᠡᠨ ᠴᠠᠭ᠄
2024/9/18
    9 ᠰᠠᠷ᠎ᠠ ᠶᠢᠨ 3 ᠤ ᠡᠳᠦᠷ᠂ ︽ᠠᠨᠠᠷ ᠴᠡᠴᠡᠭᠯᠡᠵᠦ ᠦᠷ᠎ᠡ ᠦᠷ᠎ᠡ ᠪᠠᠷ ᠰᠡᠳᠬᠢᠯ ᠢᠶᠠᠨ ᠨᠢᠭᠡᠳᠬᠡᠬᠦ︾ ᠰᠦᠯᠵᠢᠶᠡᠨ ᠤ ᠭᠤᠤᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢ ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠰᠦᠯᠵᠢᠶᠡᠨ ᠤ ᠳᠠᠮᠵᠢᠭᠤᠯᠭ᠎ᠠ ᠶᠢᠨ ᠲᠣᠪᠴᠢᠶ᠎ᠠ ᠠᠴᠠ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠠᠴᠠ ᠭᠤᠤᠯᠯᠠᠨ ᠡᠷᠭᠢᠯᠡᠵᠦ᠂ ᠬᠥᠬᠡᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠪᠠ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠠᠴᠠ ᠳᠠᠭᠠᠭᠠᠴᠢᠯᠠᠨ ᠡᠷᠭᠢᠯᠡᠪᠡ᠃    ᠲᠠᠷᠠᠭᠠᠴᠢ ᠶᠢᠨ 4 ᠡᠳᠦᠷ ᠤᠨ ᠬᠤᠭᠤᠴᠠᠭᠠᠨ ᠳᠤ᠂ ᠠᠷᠠᠳ ᠤᠨ ᠰᠦᠯᠵᠢᠶ᠎ᠡ᠂ ᠰᠢᠨᠬᠤᠸᠠ ᠰᠦᠯᠵᠢᠶ᠎ᠡ᠂ ᠲᠥᠪ ᠲᠧᠯᠸᠢᠰ ᠤᠨ ᠰᠦᠯᠵᠢᠶ᠎ᠡ ᠵᠡᠷᠭᠡ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠵᠠᠭᠤᠴᠢᠯᠠᠭᠤᠷ ᠤᠨ ᠰᠤᠷᠪᠤᠯᠵᠢᠯᠠᠭᠴᠢ ᠬᠥᠬᠡᠬᠤᠲᠠ ᠪᠠ ᠤᠯᠠᠭᠠᠨᠴᠠᠪ ᠬᠤᠲᠠ ᠳᠤ ᠭᠦᠨᠵᠡᠭᠡᠶᠢᠷᠡᠨ ᠰᠤᠷᠪᠤᠯᠵᠢᠯᠠᠬᠤ ᠠᠵᠢᠯᠯᠠᠭ᠎ᠠ ᠥᠷᠨᠢᠭᠦᠯᠬᠦ ᠪᠣᠯᠤᠨ᠎ᠠ᠃    ᠲᠣᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠤᠨ ᠲᠣᠭᠤᠷᠢᠨ ᠳᠤ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢᠨ ᠪᠣᠯᠪᠠᠰᠤᠨ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠭᠤᠰᠤᠯᠴᠠᠨ ᠤᠯᠠᠮᠵᠢᠯᠠᠬᠤ᠂ ᠬᠠᠮ ᠵᠠᠭᠤᠴᠢᠯᠠᠭᠤᠷ ᠤᠨ ᠢᠯᠡᠳᠬᠡᠬᠦ ᠠᠷᠭ᠎ᠠ ᠬᠡᠯᠪᠡᠷᠢ ᠶᠢ ᠬᠡᠷᠡᠭᠯᠡᠵᠦ᠂ ᠺᠠᠳ᠋ᠷ ᠣᠯᠠᠨ ᠲᠦᠮᠡᠨ ᠤ ᠠᠬ᠎ᠠ ᠳᠡᠭᠦᠦ ᠮᠡᠲᠦ ᠳᠣᠲᠣᠨᠣ ᠪᠠᠶᠢᠬᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠰᠡᠳᠬᠢᠯ ᠬᠥᠳᠡᠯᠭᠡᠮ᠎ᠡ ᠥᠯᠢᠭᠡᠷ ᠢ ᠰᠠᠶᠢᠲᠤᠷ ᠶᠠᠷᠢᠵᠤ᠂ ᠪᠥᠬᠦ ᠳᠡᠯᠡᠬᠡᠶ ᠳᠤ ᠦᠨᠳᠦᠰᠦᠲᠡᠨ ᠤ ᠪᠦᠯᠬᠦᠮᠳᠡᠯ᠂ ᠵᠣᠯ ᠵᠢᠷᠭᠠᠯ ᠪᠠ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠦᠷᠭᠦᠯᠵᠢᠯᠡᠨ ᠪᠦᠲᠦᠮᠵᠢᠲᠡᠶ ᠪᠠᠷ ᠳᠡᠯᠭᠡᠨ ᠦᠵᠡᠭᠦᠯᠬᠦ ᠪᠠᠷ ᠵᠣᠷᠢᠯᠭ᠎ᠠ ᠪᠠᠨ ᠪᠣᠯᠭᠠᠵᠠᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号