ᠤᠯᠤᠰ ᠤᠨ ᠪᠠᠶᠠᠷ ᠣᠶᠢᠷᠠᠳᠴᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠵᠤ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠢᠯᠡ ᠪᠠᠶᠢᠴᠠᠭᠠᠵᠤ ᠳᠠᠯᠳᠠ ᠰᠤᠷᠪᠤᠯᠵᠢᠯᠠᠬᠤ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/9/19
    ᠡᠯ᠎ᠡ ᠲᠠᠯ᠎ᠠ ᠶᠢᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠶᠤᠯᠭᠦᠶ ᠦᠢᠯᠡᠳᠪᠦᠷᠢᠯᠡᠯ ᠤᠨ ᠠᠳᠡᠯ ᠢ ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ ᠢ ᠪᠠᠶᠢᠷᠢᠯᠠᠭᠤᠯᠤᠨ ᠥᠷᠨᠢᠭᠦᠯᠵᠦ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠪᠠ᠃ ᠲᠣᠰ ᠤᠳᠠᠭᠠᠨ ᠤ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ ᠢ ᠬᠤᠲᠠ ᠶᠢᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠳᠤᠤᠷ᠎ᠠ ᠪᠠᠶᠢᠭᠤᠯᠤᠭᠰᠠᠨ ᠨᠠᠢᠮᠠᠨ ᠲᠤᠰᠬᠠᠶ ᠮᠡᠷᠭᠡᠵᠢᠯ ᠤᠨ ᠵᠥᠪᠯᠡᠯ ᠠᠴᠠ ᠲᠣᠰ ᠲᠣᠰ ᠲᠤᠰᠬᠠᠶ ᠰᠢᠮᠳᠠᠭᠤᠯᠤᠨ ᠵᠢᠯᠣᠭᠤᠳᠬᠤ ᠳᠤᠭᠤᠶᠢᠯᠠᠩ ᠪᠠᠶᠢᠭᠤᠯᠤᠨ᠎ᠠ᠂ ᠢᠯᠡ ᠪᠠᠷ ᠪᠠᠶᠢᠴᠠᠭᠠᠵᠤ ᠨᠢᠭᠤᠴᠠ ᠪᠠᠷ ᠰᠤᠷᠪᠤᠯᠵᠢᠯᠠᠬᠤ ᠪᠠᠷ ᠳᠠᠮᠵᠢᠨ᠂ ᠰᠢᠪᠲᠤᠯᠤᠨ ᠪᠠᠶᠢᠴᠠᠭᠠᠬᠤ᠂ ︽ᠳᠥᠷᠪᠡᠨ ᠥᠬᠡᠶ ᠬᠤᠶᠠᠷ ᠰᠢᠭᠤᠳ︾ ᠵᠡᠷᠭᠡ ᠠᠷᠭ᠎ᠠ ᠬᠡᠯᠪᠡᠷᠢ᠂ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠣᠭᠤᠷᠢᠨ ᠳᠤ ᠥᠷᠨᠢᠭᠦᠯᠦᠭᠰᠡᠨ ᠪᠠᠶᠢᠳᠠᠯ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠭᠤᠷᠪᠠᠳᠤᠭᠠᠷ ᠤᠯᠠᠷᠢᠯ ᠳᠤ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ ᠬᠠᠷᠢᠭᠤ ᠲᠤᠰᠬᠠᠭᠰᠠᠨ ᠠᠰᠠᠭᠤᠳᠠᠯ ᠢ ᠨᠢᠭᠡ ᠠᠴᠠ ᠵᠦᠢᠴᠢᠯᠡᠵᠦ ᠭᠤᠷᠪᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ᠂ ᠠᠶᠤᠯ ᠦᠭᠡᠶ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠪᠠᠶᠢᠳᠠᠯ᠂ ᠬᠦᠨᠳᠦ ᠶᠡᠭᠡ ᠠᠳᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠠᠶᠤᠯᠲᠠᠶ ᠠᠵᠢᠯ ᠤᠨ ᠲᠤᠰᠬᠠᠶ ᠴᠡᠭᠴᠡᠯᠡᠨ ᠵᠠᠰᠠᠬᠤ ᠪᠠᠶᠢᠷᠢᠯᠠᠭᠤᠯᠤᠯᠲᠠ ᠶᠢ ᠥᠷᠨᠢᠭᠦᠯᠦᠭᠰᠡᠨ ᠪᠠᠶᠢᠳᠠᠯ ᠵᠡᠷᠭᠡ ᠨᠡᠶᠢᠲᠡᠯᠢᠭ ᠴᠢᠨᠠᠷᠲᠠᠶ ᠠᠭᠤᠯᠭ᠎ᠠ ᠪᠠ ᠡᠯ᠎ᠡ ᠠᠵᠢᠯ ᠲᠥᠷᠥᠯ ᠤᠨ ᠬᠦᠷᠢᠶᠡᠨ ᠤ ᠭᠤᠤᠯᠳᠠᠯᠭ᠎ᠠ ᠲᠠᠢ ᠪᠠᠶᠢᠴᠠᠭᠠᠬᠤ ᠵᠦᠢᠯᠡᠰ᠂ ᠡᠯ᠎ᠡ ᠬᠤᠰᠢᠭᠤ ᠰᠢᠶᠠᠨ ᠲᠣᠭᠤᠷᠢᠭ ᠲᠤ ᠭᠦᠨᠵᠡᠭᠡᠶᠢᠷᠡᠨ᠎ᠡ᠂ ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠠᠶᠤᠯᠭᠦᠶ ᠦᠢᠯᠡᠳᠪᠦᠷᠢᠯᠡᠯ ᠤᠨ ᠬᠢᠨᠠᠨ ᠵᠢᠯᠣᠭᠤᠳᠴᠤ ᠪᠠᠶᠢᠴᠠᠭᠠᠪᠠ᠃ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ  ᠶᠡᠷᠦᠩᠬᠡᠶᠢᠯᠡᠭᠰᠡᠨ ᠬᠢᠨᠠᠨ ᠵᠢᠯᠣᠭᠤᠳᠬᠤ ᠳᠤᠭᠤᠢᠯᠠᠩ ᠪᠠᠶᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠵᠢᠯ ᠢᠶᠠᠨ ᠥᠷᠨᠢᠭᠦᠯᠦᠭᠰᠡᠨ ᠪᠠᠢᠳᠠᠯ ᠢ ᠵᠢᠯᠣᠭᠤᠳᠴᠤ ᠬᠢᠨᠠᠯᠲᠠ ᠲᠠᠯᠪᠢᠪᠠ᠃ ᠲᠣᠰ ᠤᠳᠠᠭ᠎ᠠ ᠶᠢᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ᠂ ᠭᠤᠤᠯᠳᠠᠯᠭ᠎ᠠ ᠲᠠᠢ ᠠᠵᠤ ᠠᠬᠤᠶᠢᠯᠠᠯ᠂ ᠬᠦᠨᠳᠦ ᠶᠡᠭᠡ ᠠᠳᠡᠯ ᠤᠨ ᠬᠡᠮ ᠰᠣᠭᠤᠭ ᠪᠣᠯᠤᠨ ᠲᠣᠪᠤᠶᠢᠮ᠎ᠠ᠂ ᠨᠡᠶᠢᠲᠡᠯᠢᠭ ᠠᠰᠠᠭᠤᠳᠠᠯ ᠤᠨ ᠬᠡᠮ ᠰᠣᠭᠤᠭ ᠲᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠬᠦ ᠬᠠᠲᠠᠭᠤ ᠲᠠᠢ ᠨᠢ ᠬᠠᠯᠳᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠰᠠᠭᠤᠳᠠᠯ ᠢ ᠢᠯᠡᠷᠡᠭᠦᠯᠬᠦ᠂ ᠬᠡᠮ ᠰᠣᠭᠤᠭ ᠢ ᠠᠷᠢᠯᠭᠠᠬᠤ᠂ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠪᠠᠷ ᠬᠦᠴᠦᠯᠡᠨ ᠴᠢᠷᠮᠠᠶᠢᠬᠤ ᠶᠢᠨ ᠬᠠᠮᠲᠤ᠂ ᠡᠯ᠎ᠡ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠠᠵᠢᠯ ᠤᠨ ᠰᠤᠷᠲᠠᠯ ᠪᠣᠯᠤᠨ ᠠᠷᠭ᠎ᠠ ᠬᠡᠯᠪᠡᠷᠢ ᠪᠠᠨ ᠦᠨᠡᠨ ᠬᠦ ᠰᠠᠶᠢᠵᠢᠷᠠᠭᠤᠯᠵᠤ᠂ ᠱᠠᠯᠠᠪᠳᠠᠭᠤᠯᠤᠨ ᠪᠠᠶᠢᠴᠠᠭᠠᠬᠤ  ᠦᠢᠯᠡᠳᠦᠯ ᠢᠶᠠᠨ ᠦᠨᠡᠨ ᠬᠦ ᠪᠠᠳᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号