ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠳᠠᠯᠳᠤᠨ ᠠᠪᠬᠤ ᠶᠢ ᠣᠷᠣᠯᠠᠨ ᠭᠦᠢᠴᠡᠳᠭᠡᠬᠦ ᠪᠠᠶᠢᠭᠤᠯᠤᠮᠵᠢ ᠶᠢ ᠰᠣᠩᠭᠤᠬᠤ ᠶᠢ ᠠᠳᠠᠯᠢᠳᠬᠠᠬᠤ ᠠᠯᠪᠠᠨ ᠵᠠᠷ
ᠨᠡᠶᠢᠲᠡᠯᠡᠭᠰᠡᠨ ᠴᠠᠭ᠄
2024/9/2
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠳᠠᠯᠳᠤᠨ ᠠᠪᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠤᠳᠠᠯᠳᠤᠨ ᠠᠪᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ᠡᠳᠦᠭᠡ ᠨᠡᠶᠢᠭᠡᠮ ᠳᠤ ᠬᠠᠨᠳᠤᠭᠤᠯᠤᠨ ᠬᠤᠳᠠᠯᠳᠤᠨ ᠠᠪᠬᠤ ᠶᠢ ᠣᠷᠣᠯᠠᠨ ᠭᠦᠢᠴᠡᠳᠭᠡᠬᠦ ᠪᠠᠶᠢᠭᠤᠯᠤᠮᠵᠢ ᠶᠢ ᠬᠠᠷᠢᠴᠠᠭᠤᠯᠤᠨ ᠰᠣᠩᠭᠤᠵᠤ᠂ ᠪᠣᠳᠠᠲᠠᠶ ᠵᠦᠢᠯᠡᠰ ᠢ ᠳᠤᠤᠷᠠᠬᠢ ᠮᠡᠲᠦ ᠵᠠᠷᠯᠠᠪᠠ᠄    ᠨᠢᠭᠡ᠂ ᠠᠳᠠᠯᠢᠳᠬᠠᠨ ᠰᠣᠩᠭᠤᠬᠤ ᠵᠠᠷᠴᠢᠮ    ᠲᠣᠰ ᠤᠳᠠᠭᠠᠨ ᠤ ᠠᠳᠠᠯᠢᠳᠬᠠᠨ ᠰᠣᠩᠭᠤᠬᠤ ᠠᠵᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠢ ᠨᠡᠶᠢᠭᠡᠮ ᠨᠡᠶᠢᠲᠡ ᠳᠤ ᠬᠤᠳᠠᠯᠳᠤᠨ ᠠᠪᠬᠤ ᠶᠢᠨ ᠣᠷᠣᠯᠠᠨ ᠭᠦᠢᠴᠡᠳᠭᠡᠬᠦ ᠪᠠᠶᠢᠭᠤᠯᠤᠮᠵᠢ ᠶᠢᠨ ᠨᠢᠭᠡ ᠵᠦᠢᠯ ᠤᠨ ᠬᠡᠯᠪᠡᠷᠢ ᠶᠢ ᠢᠯᠡ ᠪᠣᠯᠭᠠᠵᠤ᠂ ᠬᠠᠮᠲᠤᠷᠠᠯᠴᠠᠬᠤ ᠰᠠᠨᠠᠮᠵᠢ ᠲᠠᠢ ᠴᠢᠨᠠᠷ ᠰᠠᠶᠢᠲᠠᠶ ᠬᠤᠳᠠᠯᠳᠤᠨ ᠠᠪᠬᠤ ᠶᠢᠨ ᠣᠷᠣᠯᠠᠨ ᠭᠦᠢᠴᠡᠳᠭᠡᠬᠦ ᠪᠠᠶᠢᠭᠤᠯᠤᠮᠵᠢ ᠶᠢ ᠠᠳᠠᠯᠢᠳᠬᠠᠨ ᠰᠣᠩᠭᠤᠬᠤ ᠪᠣᠯᠤᠨ᠎ᠠ᠃    ᠬᠤᠶᠠᠷ᠂ ᠠᠳᠠᠯᠢᠳᠬᠠᠨ ᠰᠣᠩᠭᠤᠬᠤ ᠠᠷᠭ᠎ᠠ ᠮᠠᠶ᠋ᠢᠭ    1 . ᠬᠤᠳᠠᠯᠳᠤᠨ ᠠᠪᠠᠨ᠋ᠥ ᠶᠢᠨ ᠣᠷᠣᠯᠠᠨ ᠭᠦᠢᠴᠡᠳᠭᠡᠬᠦ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠰᠠᠶᠢᠨ ᠳᠤᠷ᠎ᠠ ᠠᠴᠠ ᠪᠠᠨ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠥᠷᠨᠢᠭᠦᠯᠦᠭᠰᠡᠨ ᠪᠠᠶᠢᠪᠠᠯ᠂ ᠱᠠᠭᠠᠷᠳᠠᠯᠭ᠎ᠠ ᠶᠣᠰᠣᠭᠠᠷ ᠳᠠᠷᠤᠮᠠᠯᠯᠠᠵᠤ ᠬᠠᠷᠢᠴᠠᠭᠤᠯᠤᠨ ᠰᠣᠩᠭᠤᠵᠤ᠂ ᠲᠣᠭᠲᠠᠭᠰᠠᠨ ᠴᠠᠭ ᠬᠤᠭᠤᠴᠠᠭ᠎ᠠ ᠶᠢᠨ ᠳᠣᠲᠣᠷ᠎ᠠ ᠲᠣᠭᠲᠠᠭᠰᠠᠨ ᠭᠠᠵᠠᠷ ᠲᠤ ᠲᠤᠰᠢᠶᠠᠨ᠎ᠠ᠃    2 . ᠬᠤᠳᠠᠯᠳᠤᠨ ᠠᠪᠠᠨ᠋ᠥ ᠶᠢᠨ ᠣᠷᠣᠯᠠᠨ ᠭᠦᠢᠴᠡᠳᠭᠡᠬᠦ ᠪᠠᠶᠢᠭᠤᠯᠤᠮᠵᠢ ᠶᠢᠨ ᠲᠤᠰᠢᠶᠠᠨ ᠥᠭᠭᠦᠭᠰᠡᠨ ᠠᠳᠠᠯᠢᠳᠬᠠᠨ ᠰᠣᠩᠭᠤᠭᠰᠠᠨ ᠮᠠᠲ᠋ᠧᠷᠢᠶᠠᠯ ᠪᠠ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠨᠢ ᠵᠥᠪᠬᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠲᠤᠷᠠᠯᠴᠠᠨ ᠨᠠᠶᠢᠳᠠᠭᠰᠠᠨ ᠯᠠᠪᠯᠠᠯᠲᠠ ᠶᠢᠨ ᠦᠨᠳᠦᠰᠦ ᠪᠠᠷᠢᠮᠲᠠ ᠪᠣᠯᠭᠠᠨ᠎ᠠ᠂ ᠬᠠᠷᠢᠨ ᠬᠠᠮᠲᠤᠷᠠᠯᠴᠠᠬᠤ ᠠᠮᠠᠯᠠᠯᠲᠠ ᠪᠣᠯᠭᠠᠬᠤ ᠥᠬᠡᠶ᠃    ᠭᠤᠷᠪᠠ᠂ ᠠᠳᠠᠯᠢᠳᠬᠠᠨ ᠰᠣᠩᠭᠤᠬᠤ ᠲᠤᠭ᠎ᠠ ᠬᠡᠮᠵᠢᠶ᠎ᠡ ᠵᠢᠴᠢ ᠦᠢᠯᠡᠴᠢᠯᠡᠬᠦ ᠵᠢᠯ ᠬᠤᠭᠤᠴᠠᠭ᠎ᠠ    5 ᠠᠵᠤ ᠠᠬᠤᠶᠢᠯᠠᠯ ᠢ ᠰᠣᠩᠭᠤᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠳᠠᠯᠳᠤᠨ ᠠᠪᠬᠤ ᠶᠢᠨ ᠣᠷᠣᠯᠠᠨ ᠭᠦᠢᠴᠡᠳᠭᠡᠬᠦ ᠪᠠᠶᠢᠭᠤᠯᠤᠮᠵᠢ ᠪᠣᠯᠭᠠᠨ᠎ᠠ᠂  ᠦᠢᠯᠡᠴᠢᠯᠡᠬᠦ ᠬᠤᠭᠤᠴᠠᠭ᠎ᠠ ᠨᠢ 3 ᠵᠢᠯ ᠪᠣᠯᠤᠨ᠎ᠠ ᠃ ᠦᠢᠯᠡᠴᠢᠯᠡᠭᠡᠨ ᠤ ᠬᠤᠭᠤᠴᠠᠭᠠᠨ ᠳᠤ ᠬᠡᠷᠪᠡ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠲᠣᠬᠢᠶᠠᠯᠳᠤᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠦᠷᠢᠶᠡᠯᠡᠭᠰᠡᠨ ᠨᠢᠭᠡᠴᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠶᠢ ᠦᠨᠡᠨᠬᠦ ᠪᠠᠲᠤᠯᠠᠬᠤ ᠦᠭᠡᠶ᠃    ᠳᠥᠷᠪᠡ᠂ ᠠᠳᠠᠯᠢᠳᠬᠠᠬᠤ ᠨᠥᠬᠦᠴᠡᠯ    1 . ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠳᠤ ᠲᠡᠮᠳᠡᠭᠯᠡᠭᠦᠯᠦᠭᠰᠡᠨ ᠤ ᠬᠠᠮᠲᠤ ᠬᠠᠤᠯᠢ ᠲᠣᠭᠲᠠᠭᠠᠯ ᠶᠣᠰᠣᠭᠠᠷ ᠲᠤᠬᠠᠶᠢᠯᠠᠭᠰᠠᠨ ᠠᠵᠢᠯ ᠢᠶᠠᠨ ᠥᠷᠨᠢᠭᠦᠯᠦᠭᠰᠡᠨ ᠬᠤᠳᠠᠯᠳᠤᠨ ᠠᠪᠬᠤ ᠶᠢᠨ ᠣᠷᠣᠯᠠᠨ ᠭᠦᠢᠴᠡᠳᠭᠡᠬᠦ ᠪᠠᠶᠢᠭᠤᠯᠤᠮᠵᠢ᠃    2 . ᠰᠠᠶᠢᠨ ᠰᠠᠶᠢᠬᠠᠨ ᠬᠤᠳᠠᠯᠳᠤᠭᠠᠨ ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ ᠲᠠᠢ᠂ ᠭᠡᠷ᠎ᠡ ᠶᠢ ᠭᠦᠢᠴᠡᠳᠬᠡᠬᠦ ᠳᠤ ᠡᠷᠬᠡᠪᠰᠢ ᠱᠠᠭᠠᠷᠳᠠᠭᠳᠠᠬᠤ ᠲᠤᠨᠤᠭ ᠲᠥᠬᠦᠭᠡᠷᠦᠮᠵᠢ ᠪᠠ ᠲᠤᠰᠬᠠᠢ ᠮᠡᠷᠭᠡᠵᠢᠯ ᠤᠨ ᠴᠢᠳᠠᠪᠤᠷᠢ ᠲᠠᠢ᠂ ᠬᠠᠤᠯᠢ ᠶᠣᠰᠣᠭᠠᠷ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠲᠤᠰᠢᠶᠠᠭᠰᠠᠨ ᠰᠠᠶᠢᠨ ᠰᠠᠶᠢᠬᠠᠨ ᠲᠡᠮᠳᠡᠭᠯᠡᠯ ᠲᠠᠢ ᠪᠠᠶᠢᠬᠤ᠃    3 . 2022 ᠣᠨ ᠠᠴᠠ 2024 ᠣᠨ ︵ᠳᠣᠷᠣᠭᠰᠢ ︽ᠣᠶᠢᠷ᠎ᠠ ᠶᠢᠨ ᠭᠤᠷᠪᠠᠨ ᠵᠢᠯ︾ ᠭᠡᠵᠦ ᠲᠣᠪᠴᠢᠯᠠᠨ᠎ᠠ︶ ᠪᠣᠯᠲᠠᠯ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠲᠡᠮᠳᠡᠭᠯᠡᠯ ᠪᠠᠶᠢᠬᠤ ᠥᠬᠡᠶ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠃    4 . ᠬᠥᠬᠡᠬᠤᠲᠠ ᠶᠢᠨ ᠲᠣᠭᠤᠷᠢᠭ ᠲᠤ ᠲᠣᠭᠲᠠᠮᠠᠯ ᠠᠯᠪᠠᠯᠠᠬᠤ ᠪᠠ ᠳᠠᠭᠠᠭᠠᠴᠢᠯᠠᠯᠲᠠ ᠦᠨᠡᠯᠡᠬᠦ ᠲᠠᠯᠠᠪᠤᠷ ᠭᠠᠵᠠᠷ ᠲᠠᠢ ᠪᠠᠶᠢᠬᠤ᠃    5 . ᠪᠤᠰᠤᠳ ᠨᠥᠬᠦᠴᠡᠯ᠄    5 . 1 ᠬᠠᠤᠯᠢ ᠶᠢᠨ ᠬᠥᠮᠦᠨ ᠤ ᠰᠠᠯᠪᠤᠷᠢ ᠪᠠᠶᠢᠭᠤᠯᠤᠮᠵᠢ ᠨᠢ ᠥᠪᠡᠷ ᠤᠨ ᠨᠡᠷ᠎ᠡ ᠪᠠᠷ ᠢᠶᠠᠨ ᠰᠣᠩᠭᠤᠭᠤᠯᠢ ᠳᠤ ᠣᠷᠣᠯᠴᠠᠬᠤ ᠦᠶ᠎ᠡ ᠳᠤ᠂ ᠬᠠᠤᠯᠢ ᠶᠢᠨ ᠬᠥᠮᠦᠨ ᠤ ᠭᠠᠷᠭᠠᠭᠰᠠᠨ ᠲᠤᠰ ᠰᠣᠩᠭᠤᠭᠤᠯᠢ ᠳᠤ ᠣᠷᠣᠯᠴᠠᠬᠤ ᠠᠵᠢᠯᠯᠠᠭ᠎ᠠ ᠳᠤ ᠪᠦᠬᠦ ᠰᠢᠭᠤᠳ ᠬᠠᠷᠢᠭᠤᠴᠠᠯᠭ᠎ᠠ ᠶᠢ ᠡᠭᠦᠷᠭᠡᠯᠡᠬᠦ ᠠᠮᠠᠯᠠᠯᠲᠠ ᠶᠢ ᠬᠠᠩᠭᠠᠬᠤ ᠬᠡᠷᠡᠭᠲᠡᠢ᠃    5 . 2 ᠨᠢᠭᠡᠴᠢ ᠶᠢᠨ ᠬᠠᠷᠢᠭᠤᠴᠠᠯᠭᠠᠲᠠᠨ ᠨᠢ ᠠᠳᠠᠯᠢ ᠨᠢᠭᠡ ᠬᠥᠮᠦᠨ ᠪᠠᠶᠢᠬᠤ ᠪᠤᠶᠤ ᠰᠢᠭᠤᠳ ᠬᠤᠪᠢ ᠡᠵᠡᠮᠳᠡᠬᠦ᠂ ᠬᠠᠮᠢᠶᠠᠷᠬᠤ ᠬᠠᠷᠢᠴᠠᠭ᠎ᠠ ᠲᠠᠢ ᠠᠳᠠᠯᠢ ᠪᠤᠰᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠲᠤᠰ ᠤᠳᠠᠭᠠᠨ ᠤ ᠬᠠᠷᠢᠴᠠᠯᠳᠤ ᠰᠣᠩᠭᠤᠭᠤᠯᠢ ᠳᠤ ᠵᠡᠷᠭᠡᠪᠡᠷ ᠣᠷᠣᠯᠴᠠᠵᠤ ᠪᠣᠯᠬᠤ ᠦᠭᠡᠢ᠃    5 . 3 ᠲᠤᠰ ᠤᠳᠠᠭᠠᠨ ᠤ ᠠᠳᠠᠯᠢᠳᠬᠠᠯ ᠰᠣᠩᠭᠤᠭᠤᠯᠢ ᠳᠤ ᠬᠠᠮᠲᠤᠷᠠᠭᠰᠠᠨ ᠴᠣᠭᠴᠠ ᠶᠢᠨ ᠣᠷᠣᠯᠴᠠᠬᠤ ᠶᠢ ᠬᠦᠯᠢᠶᠡᠬᠦ ᠦᠭᠡᠶ᠃    ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠭᠰᠡᠨ ᠬᠤᠳᠠᠯᠳᠤᠨ ᠠᠪᠠᠨ᠋ᠥ ᠶᠢᠨ ᠣᠷᠣᠯᠠᠨ ᠭᠦᠢᠴᠡᠳᠭᠡᠬᠦ ᠪᠠᠶᠢᠭᠤᠯᠤᠮᠵᠢ ᠨᠢ᠂ ᠲᠣᠭᠲᠠᠭᠰᠠᠨ ᠴᠠᠭ ᠬᠤᠭᠤᠴᠠᠭ᠎ᠠ ᠶᠢᠨ ᠳᠣᠲᠣᠷ᠎ᠠ ᠬᠠᠮᠢᠶ᠎ᠠ ᠪᠥᠬᠦᠶ ᠮᠠᠲ᠋ᠧᠷᠢᠶᠠᠯ ᠢᠶᠠᠨ ᠲᠤᠰᠢᠶᠠᠵᠤ ᠪᠣᠯᠤᠨ᠎ᠠ᠃    ᠲᠠᠪᠤ᠂ ᠮᠠᠲ᠋ᠧᠷᠢᠶᠠᠯ ᠰᠣᠩᠭᠤᠬᠤ  ᠶᠢ ᠱᠠᠭᠠᠷᠳᠠᠨ᠎ᠠ᠃︵ᠨᠢᠭᠡ︶ ᠬᠢᠷᠢ ᠬᠡᠮ ᠤᠨ ᠭᠡᠷᠡᠴᠢᠯᠡᠯ ᠵᠡᠷᠭᠡ ᠬᠠᠮᠢᠶ᠎ᠠ ᠪᠦᠬᠦᠢ ᠮᠠᠲ᠋ᠧᠷᠢᠶᠠᠯ    1 . ᠡᠵᠡᠩᠨᠡᠯᠲᠡ ᠶᠢᠨ ᠦᠨᠡᠮᠯᠡᠯ ︵ᠬᠠᠭᠤᠯᠪᠤᠷᠢ ᠳᠡᠪᠲᠡᠷ ᠤᠨ ᠬᠠᠭᠤᠯᠪᠤᠷᠢ︶᠃    2 . ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠨᠡᠷ᠎ᠡ ᠮᠡᠳᠡᠭᠦᠯᠬᠦ ᠳᠤ ᠡᠷᠬᠡᠪᠰᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ ᠬᠠᠩᠭᠠᠵᠤ᠂ ᠨᠠᠶᠢᠳᠠᠭᠰᠠᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠳᠤ ᠡᠷᠬᠡᠪᠰᠢ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠬᠠᠩᠭᠠᠵᠤ᠂ ᠨᠠᠶᠢᠳᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ  ᠬᠠᠭᠤᠯᠪᠤᠷᠢ ᠶᠢ ᠡᠷᠬᠡ ᠣᠯᠭᠤᠬᠤ ᠬᠡᠷᠡᠭᠲᠡᠶ᠃    3 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ᠪᠦᠷᠢᠳᠬᠡᠨ ᠳᠠᠩᠰᠠᠯᠠᠭᠤᠯᠤᠭᠰᠠᠨ ᠵᠢᠷᠤᠭ᠃    4 . 2023 ᠣᠨ ᠤ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠠᠴᠠ ᠭᠠᠷᠭᠠᠭᠰᠠᠨ ᠡᠳ᠋ ᠤᠨ ᠶᠠᠪᠤᠳᠠᠯ ᠤᠨ ᠬᠢᠨᠠᠨ ᠪᠤᠳᠤᠭᠰᠠᠨ ᠪᠦᠷᠢᠨ ᠪᠦᠲᠦᠨ ᠮᠡᠳᠡᠭᠦᠯᠦᠯᠲᠡ᠃    5 . 2024 ᠣᠨ ᠤ 3 ᠰᠠᠷ᠎ᠠ ᠳᠤ ᠨᠡᠶᠢᠭᠡᠮ ᠤᠨ ᠪᠠᠲᠤᠯᠠᠭ᠎ᠠ ᠶᠢᠨ ᠪᠠᠯᠠ ᠮᠥᠩᠭᠦ ᠲᠤᠰᠢᠶᠠᠭᠰᠠᠨ ᠢ ᠭᠡᠷᠡᠴᠢᠯᠡᠬᠦ ᠮᠠᠲ᠋ᠧᠷᠢᠶᠠᠯ ︵ᠨᠡᠶᠢᠭᠡᠮ ᠤᠨ ᠳᠠᠭᠠᠳᠬᠠᠯ ᠲᠤᠰᠢᠶᠠᠭᠰᠠᠨ ᠭᠡᠷᠡᠴᠢ ᠪᠠᠷᠢᠮᠲᠠ︶︔ 2024 ᠣᠨ ᠤ 3 ᠰᠠᠷ᠎ᠠ ᠶᠢᠨ ᠭᠠᠶᠢᠯᠢ ᠲᠤᠰᠢᠶᠠᠭᠰᠠᠨ ᠬᠦᠴᠦᠨ ᠪᠥᠬᠦᠶ ᠫᠢᠶᠣᠣ ᠪᠠᠷᠢᠮᠲᠠ ︵ᠥᠷᠲᠡᠭ ᠨᠡᠮᠡᠭᠳᠡᠯ ᠤᠨ ᠭᠠᠶᠢᠯᠢ ᠪᠤᠶᠤ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠭᠡᠷᠡᠴᠢ ᠪᠠᠷᠢᠮᠲᠠ᠂ ᠬᠠᠤᠯᠢ ᠶᠣᠰᠣᠭᠠᠷ ᠭᠠᠶᠢᠯᠢ ᠠᠴᠠ ᠭᠡᠯᠳᠦᠷᠢᠭᠦᠯᠬᠦ ᠳᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠬᠠᠩᠭᠠᠵᠤ ᠲᠡᠭᠦᠨ ᠤ ᠬᠠᠤᠯᠢ ᠶᠣᠰᠣᠭᠠᠷ ᠭᠠᠶᠢᠯᠢ ᠠᠴᠠ ᠭᠡᠯᠳᠦᠷᠢᠭᠦᠯᠬᠦ ᠶᠢ ᠭᠡᠷᠡᠴᠢᠯᠡᠬᠦ ᠬᠡᠷᠡᠭᠲᠡᠶ︶᠃    6 . ᠣᠶᠢᠷ᠎ᠠ ᠶᠢᠨ ᠭᠤᠷᠪᠠᠨ ᠵᠢᠯ ᠳᠤ ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www . creditchina . gov . cn︶᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ︵www . ccgp . gov . cn︶ ᠵᠡᠷᠭᠡ ᠠᠯᠪᠠᠨ ᠲᠠᠯ᠎ᠠ ᠶᠢᠨ ᠠᠷᠭ᠎ᠠ ᠵᠠᠮ ᠢᠶᠠᠷ ᠢᠲᠡᠭᠡᠮᠵᠢ ᠠᠯᠳᠠᠭᠰᠠᠨ ᠭᠦᠢᠴᠡᠭᠳᠡᠭᠡᠴᠢ᠂ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠪᠤᠶᠤ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠠᠴᠠ ᠵᠥᠷᠢᠴᠡᠵᠦ ᠢᠲᠡᠭᠡᠮᠵᠢ ᠠᠯᠳᠠᠭᠰᠠᠨ ᠨᠡᠷᠡᠰ᠂ ᠣᠶᠢᠷ᠎ᠠ ᠶᠢᠨ ᠭᠤᠷᠪᠠᠨ ᠵᠢᠯ ᠤᠨ ᠳᠣᠲᠣᠷ᠎ᠠ ᠬᠡᠭᠡᠯᠢ ᠲᠦᠯᠬᠢᠭᠰᠡᠨ ᠥᠬᠡᠶ ᠶᠠᠯᠠᠲᠤ ᠠᠵᠢᠯᠯᠠᠭ᠎ᠠ ︵ᠳᠤᠮᠳᠠᠳᠤ ᠤᠯᠤᠰ ᠤᠨ ᠲᠡᠰᠦᠯᠦᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶ᠎ᠡ https᠄ / / / wensh᠃    7 . ᠲᠤᠰ ᠤᠳᠠᠭᠠᠨ ᠤ ᠬᠠᠮᠲᠤᠷᠠᠨ ᠠᠵᠢᠯᠯᠠᠬᠤ ᠰᠠᠨᠠᠮᠵᠢ ᠲᠠᠢ ᠬᠤᠯᠪᠣᠭᠳᠠᠬᠤ ᠬᠢᠷᠢ ᠬᠡᠮ ᠢ ᠭᠡᠷᠡᠴᠢᠯᠡᠬᠦ ᠪᠤᠰᠤᠳ ᠪᠢᠴᠢᠭ ᠮᠠᠲ᠋ᠧᠷᠢᠶᠠᠯ ︵ᠪᠠᠭᠤᠯᠭᠠᠪᠤᠷᠢ︶᠃    ︵ᠬᠤᠶᠠᠷ︶ ᠺᠣᠮᠫᠠᠨᠢ ᠶᠢᠨ ᠦᠨᠳᠦᠰᠦᠨ ᠪᠠᠶᠢᠳᠠᠯ ︿br    ᠺᠣᠮᠫᠠᠨᠢ ᠶᠢᠨ ᠳᠠᠩᠰᠠᠯᠠᠭᠤᠯᠤᠭᠰᠠᠨ ᠪᠠᠯᠠ ᠮᠥᠩᠭᠦ᠂ ᠠᠵᠢᠯᠯᠠᠬᠤ ᠲᠠᠯᠠᠪᠤᠷ ᠭᠠᠵᠠᠷ ᠤᠨ ᠲᠠᠯᠠᠪᠠᠶ ︵ᠬᠡᠷ ᠬᠥᠷᠥᠩᠭᠡ ᠶᠢᠨ ᠦᠨᠡᠮᠯᠡᠯ ᠪᠤᠶᠤ ᠬᠡᠷ ᠪᠠᠶᠢᠰᠢᠩ ᠲᠦᠷᠢᠶᠡᠰᠦᠯᠡᠬᠦ ᠭᠡᠷ᠎ᠡ ᠶᠢᠨ ᠪᠠᠭᠤᠯᠭᠠᠪᠤᠷᠢ ᠶᠢ ᠳᠠᠭᠠᠯᠳᠤᠭᠤᠯᠪᠠ︶᠂ ᠳᠠᠭᠠᠭᠠᠴᠢᠯᠠᠯᠲᠠ ᠦᠨᠡᠯᠡᠬᠦ ᠲᠠᠰᠤᠭ ᠤᠨ ᠬᠠᠲᠠᠭᠤ ᠵᠥᠭᠡᠯᠡᠨ ᠬᠡᠷᠡᠭᠰᠡᠯ ᠤᠨ ᠪᠡᠯᠡᠳᠬᠡᠮᠵᠢ ᠳᠣᠭᠢᠷᠠᠭᠤᠯᠤᠭᠰᠠᠨ ᠪᠠᠶᠢᠳᠠᠯ ᠵᠡᠷᠭᠡ ᠮᠠᠲ᠋ᠧᠷᠢᠶᠠᠯ ᠢ ᠬᠠᠩᠭᠠᠨ᠎ᠠ᠃    ︵ᠭᠤᠷᠪᠠ︶ ᠺᠣᠮᠫᠠᠨᠢ ᠶᠢᠨ ᠠᠵᠢᠯ ᠤᠨ ᠪᠦᠲᠦᠮᠵᠢ    2021 ᠣᠨ ᠤ 1 ᠳ᠋ᠦᠭᠡᠷ ᠰᠠᠷ᠎ᠠ ᠶᠢᠨ 1 ᠤ ᠡᠳᠦᠷ ᠠᠴᠠ ᠣᠲᠣ ᠪᠣᠯᠲᠠᠯᠠᠬᠢ ᠣᠷᠣᠯᠠᠨ ᠬᠤᠳᠠᠯᠳᠤᠨ ᠠᠪᠬᠤ ᠲᠥᠷᠥᠯ ᠵᠦᠢᠯ ᠤᠨ ᠪᠠᠷᠠᠭ᠎ᠠ᠂  ᠦᠢᠯᠡᠴᠢᠯᠡᠭᠡ ᠵᠢᠴᠢ ᠢᠨᠵᠧᠨᠧᠷᠢᠩ ᠵᠡᠷᠭᠡ ᠠᠵᠢᠯ ᠤᠨ ᠠᠮᠵᠢᠯᠲᠠ ᠪᠦᠲᠦᠮᠵᠢ ᠶᠢᠨ ᠮᠠᠲ᠋ᠧᠷᠢᠶᠠᠯ ᠢ ᠬᠠᠩᠭᠠᠨ᠎ᠠ᠃    ︵ᠳᠥᠷᠪᠡ︶ ᠪᠦᠯᠬᠦᠮ ᠨᠡᠶᠢᠲᠡ ᠶᠢᠨ ᠠᠵᠢᠯᠲᠠᠨ    ᠲᠥᠷᠥᠯ  ᠵᠦᠢᠯ ᠤᠨ ᠪᠦᠯᠬᠦᠮ ᠨᠡᠶᠢᠲᠡ ᠶᠢᠨ ᠠᠵᠢᠯᠲᠠᠨ ᠢ ᠵᠦᠶ ᠵᠣᠬᠢᠰᠲᠠᠶ ᠳᠣᠭᠢᠷᠠᠭᠤᠯᠤᠨ᠂ ᠠᠵᠢᠯ ᠤᠨ ᠬᠡᠷᠡᠭᠴᠡᠭᠡ ᠶᠢ ᠬᠠᠩᠭᠠᠵᠤ᠂ ᠲᠥᠷᠥᠯ  ᠵᠦᠢᠯ ᠤᠨ ᠪᠦᠯᠬᠦᠮ ᠨᠡᠶᠢᠲᠡ ᠶᠢ ᠲᠣᠭᠲᠠᠭᠠᠭᠰᠠᠨ ᠤ ᠳᠠᠷᠠᠭ᠎ᠠ ᠲᠥᠷᠥᠯ  ᠵᠦᠢᠯ ᠤᠨ ᠬᠠᠷᠢᠭᠤᠴᠠᠯᠭᠠᠲᠠᠨ ᠢ ᠳᠤᠷ᠎ᠠ ᠪᠠᠷ ᠢᠶᠠᠨ ᠰᠣᠯᠢᠵᠤ ᠪᠣᠯᠬᠤ ᠥᠬᠡᠶ᠃    ︵ᠲᠠᠪᠤ︶ ᠦᠢᠯᠡᠴᠢᠯᠡᠭᠡᠨ ᠤ ᠲᠥᠰᠦᠯ    ᠦᠢᠯᠡᠴᠢᠯᠡᠭᠡᠨ ᠤ ᠲᠥᠰᠦᠯ ᠳᠤ ᠳᠣᠲᠣᠭᠠᠳᠤ ᠬᠠᠮᠢᠶᠠᠷᠤᠯᠲᠠ ᠶᠢᠨ ᠲᠦᠷᠢᠮ᠂ ᠣᠷᠣᠯᠠᠨ ᠭᠦᠢᠴᠡᠳᠭᠡᠬᠦ ᠲᠥᠷᠥᠯ ᠵᠦᠢᠯ ᠤᠨ ᠠᠵᠢᠯ ᠤᠨ ᠲᠥᠯᠥᠪᠯᠡᠭᠡ ᠵᠢᠴᠢ ᠴᠤᠪᠤᠷᠠᠯ᠂ ᠣᠷᠣᠯᠠᠨ ᠭᠦᠢᠴᠡᠳᠭᠡᠬᠦ ᠲᠥᠷᠥᠯ  ᠵᠦᠢᠯ ᠤᠨ ᠵᠠᠩᠭᠢᠯᠠᠭ᠎ᠠ ᠶᠢᠨ ᠭᠤᠭᠴᠤᠭ᠎ᠠ ᠶᠢᠨ ᠲᠣᠳᠣᠷᠬᠠᠶᠢᠯᠠᠯᠲᠠ ᠵᠢᠴᠢ  ᠰᠢᠢᠳᠪᠦᠷᠢᠯᠡᠬᠦ ᠲᠥᠰᠦᠯ᠂ ᠰᠡᠵᠢᠭᠯᠡᠯ᠂ ᠤᠨᠳᠤᠤ ᠰᠠᠨᠠᠯ᠂ ᠵᠠᠭᠠᠯᠳᠤᠯᠭ᠎ᠠ ᠵᠡᠷᠭᠡ ᠠᠭᠤᠯᠭ᠎ᠠ ᠶᠢ ᠰᠡᠷᠭᠡᠶᠢᠯᠡᠨ ᠰᠢᠢᠳᠪᠦᠷᠢᠯᠡᠨ᠎ᠡ᠃    ᠵᠢᠷᠭᠤᠭ᠎ᠠ᠂ ᠨᠡᠷ᠎ᠡ ᠮᠡᠳᠡᠭᠦᠯᠬᠦ ᠴᠠᠭ ᠬᠤᠭᠤᠴᠠᠭ᠎ᠠ ᠭᠠᠵᠠᠷ ᠣᠷᠣᠨ᠃    ᠭᠥᠯᠢᠶᠡᠨ ᠠᠪᠬᠤ ᠠᠳᠠᠯᠢᠳᠬᠠᠯ ᠤᠨ ᠮᠠᠲ᠋ᠧᠷᠢᠶᠠᠯ ᠰᠣᠩᠭᠤᠬᠤ ᠴᠠᠭ᠄ 2024 ᠣᠨ ᠤ 9 ᠳ᠋ᠦᠭᠡᠷ ᠰᠠᠷ᠎ᠠ ᠶᠢᠨ 2 ᠤᠨ ᠡᠳᠦᠷ ︵ᠬᠠᠤᠯᠢ ᠪᠠᠷ ᠲᠣᠭᠲᠠᠭᠠᠭᠰᠠᠨ ᠠᠵᠢᠯ ᠤᠨ ᠡᠳᠦᠷ ᠤᠨ ᠦᠳᠡ ᠶᠢᠨ ᠡᠮᠦᠨ᠎ᠡ 9᠄ 0012᠄ 00᠂ ᠦᠳᠡ ᠶᠢᠨ ᠬᠤᠶᠢᠨ᠎ᠠ 14᠄ 3017᠄ 00︶᠃    ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠶᠢᠬᠠᠨ ᠲᠣᠭᠤᠷᠢᠭ ᠤᠨ ᠲᠤᠩ ᠹᠸᠢ ᠡᠮᠦᠨ᠎ᠡ ᠵᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠃    ᠬᠠᠷᠢᠯᠴᠠᠬᠤ ᠬᠥᠮᠦᠨ ᠵᠢᠴᠢ ᠤᠲᠠᠰᠤ᠄ ᠮᠠ ᠢ᠂ 0471 - 4820035᠃    ᠲᠤᠯᠤᠭ᠎ᠠ᠂ ᠮᠠᠲ᠋ᠧᠷᠢᠶᠠᠯ ᠰᠣᠩᠭᠤᠬᠤ ᠶᠢ ᠱᠠᠭᠠᠷᠳᠠᠳᠠᠭ᠃    ᠬᠤᠳᠠᠯᠳᠤᠨ ᠠᠪᠬᠤ ᠶᠢ ᠣᠷᠣᠯᠠᠨ ᠭᠦᠢᠴᠡᠳᠭᠡᠬᠦ ᠪᠠᠶᠢᠭᠤᠯᠤᠮᠵᠢ ᠶᠢᠨ ᠲᠤᠰᠢᠶᠠᠭᠰᠠᠨ ᠰᠣᠩᠭᠤᠯᠲᠠ ᠶᠢᠨ ᠮᠠᠲ᠋ᠧᠷᠢᠶᠠᠯ ᠠᠴᠠ ᠲᠣᠳᠣᠷᠬᠠᠶ ᠭᠠᠷᠴᠠᠭ ᠲᠠᠢ ᠪᠠᠶᠢᠬᠤ ᠬᠡᠷᠡᠭᠲᠡᠶ ᠪᠥᠭᠡᠳ ᠳᠡᠪᠲᠡᠷᠯᠡᠨ ᠳᠡᠪᠲᠡᠷᠯᠡᠵᠦ᠂ ᠬᠠᠪᠢᠰᠤᠨ ᠳᠡᠭᠡᠷ᠎ᠡ ᠨᠢ ᠨᠢᠭᠡᠴᠡ ᠶᠢᠨ ᠠᠯᠪᠠᠨ ᠲᠠᠮᠠᠭ᠎ᠠ ᠶᠢ ᠳᠠᠷᠤᠬᠤ ᠶᠢᠨ ᠬᠠᠮᠲᠤ ᠤᠨᠤᠭᠠᠨ ᠤ ᠵᠠᠪᠰᠠᠷ ᠤᠨ ᠲᠠᠮᠠᠭ᠎ᠠ ᠶᠢ ᠳᠠᠷᠤᠨ᠎ᠠ᠃ ᠴᠠᠭᠠᠰᠤᠨ ᠬᠡᠪᠯᠡᠯ ᠤᠨ ᠮᠠᠲ᠋ᠧᠷᠢᠶᠠᠯ 2 ᠬᠤᠪᠢ᠂ U ᠲᠠᠪᠠᠭ  ᠤᠨ ᠡᠯᠧᠺᠲᠷᠣᠨ ᠬᠡᠪᠯᠡᠯ 1 ᠬᠤᠪᠢ ᠬᠠᠩᠭᠠᠨ᠎ᠠ᠃ ᠬᠤᠳᠠᠯᠳᠤᠨ ᠠᠪᠬᠤ ᠶᠢᠨ ᠣᠷᠣᠯᠠᠨ ᠭᠦᠢᠴᠡᠳᠭᠡᠬᠦ ᠪᠠᠶᠢᠭᠤᠯᠤᠮᠵᠢ ᠶᠢᠨ ᠲᠤᠰᠢᠶᠠᠭᠰᠠᠨ ᠠᠳᠠᠯᠢᠳᠬᠠᠨ ᠰᠣᠩᠭᠤᠭᠰᠠᠨ ᠮᠠᠲ᠋ᠧᠷᠢᠶᠠᠯ ᠨᠢ ᠡᠷᠬᠡᠪᠰᠢ ᠦᠨᠡᠨ ᠠᠴᠠ ᠵᠥᠪ ᠢ ᠡᠷᠢᠵᠦ᠂ ᠦᠨᠡᠨ ᠪᠣᠳᠠᠲᠠᠶ ᠪᠥᠭᠡᠳ ᠣᠨᠣᠪᠴᠢᠲᠠᠶ ᠪᠠᠶᠢᠬᠤ ᠬᠡᠷᠡᠭᠲᠡᠶ᠂ ᠬᠡᠷᠪᠡ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠬᠤ ᠵᠢᠴᠢ ᠬᠤᠯᠪᠣᠭᠳᠠᠯ ᠪᠥᠬᠦᠶ ᠪᠠᠶᠢᠳᠠᠯ ᠢ ᠨᠢᠭᠤᠨ ᠳᠠᠯᠳᠠᠯᠠᠭᠰᠠᠨ ᠪᠠᠶᠢᠪᠠᠯ᠂ ᠴᠥᠮ ᠨᠠᠶᠢᠳᠠᠨ ᠬᠤᠷᠰᠢᠬᠤ ᠶᠢ ᠪᠣᠳᠣᠯᠬᠢᠯᠠᠬᠤ ᠥᠬᠡᠶ᠃    ᠲᠣᠰ ᠠᠯᠪᠠᠨ ᠵᠠᠷᠯᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃    
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号