ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠨᠤᠭᠤᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠣᠯ ᠤᠨ ᠲᠦᠢᠮᠣ︾ ᠭᠡᠬᠦ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠬᠡᠷᠡᠭᠯᠡᠪᠡ
ᠨᠡᠶᠢᠲᠡᠯᠡᠭᠰᠡᠨ ᠴᠠᠭ᠄
2024/9/20
    ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠨᠤᠭᠤᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠣᠯ ᠤᠨ ᠲᠦᠢᠮᠣ︾ ᠭᠡᠬᠦ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠬᠡᠷᠡᠭᠯᠡᠪᠡ᠃ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠮᠠᠨ ᠤ ᠣᠷᠣᠨ ᠤ ᠵᠢᠩᠬᠢᠨᠢ ᠠᠩᠬᠢ ᠶᠢᠨ ᠶᠡᠭᠡ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠦᠬᠦᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠠᠪᠠᠯ ᠰᠤᠷᠬᠤ ᠬᠢᠴᠢᠶᠡᠯ ᠢ ᠨᠡᠭᠡᠭᠡᠭᠰᠡᠨ ᠪᠥᠭᠡᠳ ︽ᠣᠨᠣᠯ ᠤᠨ ᠲᠦᠢᠮᠣ︾ ᠭᠡᠬᠦ ᠵᠢᠭᠠᠬᠤ ᠮᠠᠲ᠋ᠧᠷᠢᠶᠠᠯ ᠢ ᠬᠡᠷᠡᠭᠯᠡᠪᠡ᠃ ᠵᠢᠩᠬᠢᠨᠢ ᠠᠩᠭᠢ ᠶᠢᠨ 17 ᠶᠡᠭᠡ ᠳᠡᠭᠡᠳᠦ ᠰᠤᠷᠭᠠᠭᠤᠯᠢ ᠪᠠ ᠠᠵᠢᠯ ᠮᠡᠷᠭᠡᠵᠢᠯ ᠤᠨ 8 ᠰᠤᠷᠭᠠᠭᠤᠯᠢ ᠳᠤ 2 ᠰᠤᠷᠤᠯᠭ᠎ᠠ ᠶᠢᠨ ᠬᠤᠪᠢ ᠳᠣᠬᠢᠷᠠᠭᠤᠯᠤᠨ᠂ ᠠᠵᠢᠯ ᠮᠡᠷᠭᠡᠵᠢᠯ ᠤᠨ ᠪᠤᠰᠤᠳ 29 ᠳᠡᠭᠡᠳᠦ ᠰᠤᠷᠭᠠᠭᠤᠯᠢ ᠳᠤ 1 ᠰᠤᠷᠤᠯᠭ᠎ᠠ ᠶᠢᠨ ᠬᠤᠪᠢ ᠶᠢ ᠳᠣᠬᠢᠷᠠᠭᠤᠯᠵᠤ᠂ ᠣᠯᠠᠩᠬᠢ ᠶᠡᠭᠡ ᠳᠡᠭᠡᠳᠦ ᠰᠤᠷᠭᠠᠭᠤᠯᠢ ᠨᠤᠭᠤᠳ ᠲᠤ 2 ᠠᠴᠠ 8 ᠬᠢᠴᠢᠶᠡᠯ ᠤᠨ ᠴᠠᠭ ᠤᠨ ᠦᠢᠯᠡᠳᠦᠯᠭᠡ ᠶᠢᠨ ᠰᠤᠷᠤᠯᠴᠠᠯᠭ᠎ᠠ ᠶᠢ ᠵᠡᠷᠭᠡ ᠳᠤ ᠨᠢ ᠲᠣᠬᠢᠷᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号