ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠯ᠎ᠡ᠂ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠮᠡᠬᠡᠯᠡᠯ ᠢ ᠡᠰᠡᠷᠭᠦᠴᠡᠬᠦ ᠲᠥᠪ ᠰᠣᠷᠣᠬᠴᠢᠳ ᠲᠤ ᠠᠮᠠᠷᠬᠠᠨ ᠲᠣᠬᠢᠶᠠᠯᠳᠤᠬᠤ ᠬᠡᠳᠦᠨ ᠵᠦᠢᠯ ᠤᠨ | ᠮᠡᠬᠡᠯᠡᠯ ᠢ ᠡᠮᠬᠢᠯᠡᠵᠦ᠂ ᠥᠷᠭᠡᠨ ᠣᠯᠠᠨ ᠰᠣᠷᠣᠬᠴᠢ᠂ ᠢᠯᠠᠩᠭᠤᠶ᠎ᠠ ᠣᠶᠤᠲᠠᠳ ᠤᠨ ᠠᠮᠤᠷ ᠲᠦᠪᠰᠢᠨ ᠤ | ᠤᠬᠠᠮᠰᠠᠷ ᠢᠶᠠᠨ ᠳᠡᠭᠡᠭᠰᠢᠯᠡᠭᠦᠯᠵᠦ᠂ ᠮᠡᠬᠡᠯᠡᠯ ᠤᠨ ︽ᠤᠨᠠᠭᠤᠯᠢ︾ ᠠᠴᠠ ᠵᠠᠶᠢᠯᠠᠰᠬᠢᠬᠦ ᠶᠢ ᠰᠠᠨᠠᠭᠤᠯᠪᠠ᠃ | ★ ᠵᠠᠬᠢᠶᠠᠯᠠᠭ᠎ᠠ ᠨᠡᠮᠡᠭᠳᠡᠭᠦᠯᠵᠦ ᠵᠣᠭᠤᠰ ᠪᠤᠴᠠᠭᠠᠬᠤ ᠮᠡᠬᠡᠯᠡᠯ᠃ ᠮᠡᠬᠡᠯᠡᠭᠴᠢ ᠶᠡᠷᠦ ᠨᠢ ᠣᠬᠤᠷ ᠮᠡᠳᠡᠭᠡ᠂ | ᠤᠲᠠᠰᠤ᠂ ᠵᠢᠷᠭᠢᠶ᠎ᠡ ᠵᠡᠷᠭᠡ ᠪᠠᠷ ᠳᠠᠮᠵᠢᠭᠤᠯᠤᠨ ᠵᠠᠬᠢᠶᠠᠯᠠᠭ᠎ᠠ ᠨᠡᠮᠡᠭᠳᠡᠭᠦᠯᠬᠦ ᠡᠭᠦᠷᠭᠡ ᠶᠢ ᠨᠡᠶᠢᠲᠡᠯᠡᠵᠦ᠂ ᠬᠥᠮᠥᠰ ᠢ ᡁᠢ | ᠹᠦ᠋ ᠪᠤᠤ᠂ ᠰᠢᠯᠵᠢᠶ᠎ᠡ ᠶᠢᠨ ᠬᠤᠯᠪᠤᠭ᠎ᠠ ᠳᠤ ᠠᠷᠭᠠᠳᠠᠨ ᠲᠠᠲᠠᠵᠤ ᠣᠷᠣᠭᠤᠯᠳᠠᠭ᠃ ᠠᠩᠬ᠎ᠠ ᠡᠬᠢᠯᠡᠬᠦ ᠳᠡᠭᠡᠨ ᠮᠡᠬᠡᠯᠡᠭᠴᠢ | ᠵᠦᠪᠭᠡᠨ ᠡᠷᠡᠬᠡᠢ ᠱᠠᠩᠨᠠᠬᠤ ᠮᠡᠲᠦ ᠶᠢᠨ ᠵᠢᠵᠢᠭ ᠡᠭᠦᠷᠭᠡ ᠶᠢ ᠪᠡᠶᠡᠯᠡᠭᠦᠯᠪᠡᠯ ᠳᠠᠷᠤᠢ ᠵᠣᠭᠤᠰ ᠪᠤᠴᠠᠭᠠᠵᠤ ᠬᠥᠮᠥᠰ ᠤᠨ | ᠢᠲᠡᠭᠡᠯ ᠢ ᠣᠯᠵᠤ᠂ ᠲᠠᠭᠢᠭᠠᠳ ᠶᠡᠭᠡ ᠦᠷᠳᠡᠭ ᠪᠦᠬᠦᠢ ᠡᠭᠦᠷᠭᠡ ᠥᠭᠴᠦ ᠭᠢᠯᠭᠡᠳᠡᠭ᠃ ᠡᠨᠡ ᠦᠶ᠎ᠡ ᠳᠤ᠂ | ᠮᠡᠬᠡᠯᠡᠭᠴᠢ ᠨᠢ ᠬᠤᠭᠤᠰᠤᠨ ᠵᠠᠬᠢᠶᠠᠯᠠᠭ᠎ᠠ ᠨᠡᠮᠡᠭᠳᠡᠭᠦᠯᠬᠦ ᠬᠡᠳᠦᠨ ᠡᠭᠦᠷᠭᠡ ᠶᠢ ᠨᠡᠶᠢᠯᠡᠭᠦᠯᠦᠨ ᠬᠢᠬᠦ ᠪᠤᠶᠤ ᠪᠠᠩᠬᠢ ᠶᠢᠨ | ᠺᠠᠷᠲ ᠤᠨ ᠨᠣᠮᠧᠷ ᠨᠢ ᠪᠤᠷᠤᠭᠤ ᠵᠡᠷᠭᠡ ᠰᠢᠯᠲᠠᠭ ᠢᠶᠠᠷ ᠵᠣᠭᠤᠰ ᠪᠤᠴᠠᠭᠠᠬᠤ ᠪᠠᠨ ᠪᠣᠯᠢᠬᠤ ᠪᠥᠭᠡᠳ ᠦᠷᠭᠦᠯᠵᠢᠯᠡᠨ | ᠡᠭᠦᠷᠭᠡ ᠬᠢᠬᠦ ᠶᠢ ᠱᠠᠭᠠᠷᠳᠠᠵᠤ᠂ ᠡᠴᠦᠰ ᠲᠡᠭᠡᠨ ᠬᠤᠬᠢᠷᠠᠯ ᠠᠮᠰᠠᠭᠴᠢ ᠠᠴᠠ ᠥᠪᠡᠷ ᠢ ᠪᠠᠨ ᠮᠡᠬᠡᠯᠡᠭᠳᠡᠭᠰᠡᠨ ᠢᠶᠠᠨ | ᠰᠡᠷᠡᠵᠦ ᠮᠡᠳᠡᠬᠦ ᠪᠤᠯᠳᠠᠯ᠎ᠠ ᠮᠡᠬᠡᠯᠡᠳᠡᠭ᠃ | ★ ᠵᠣᠭᠤᠰ ᠪᠤᠴᠠᠭᠠᠬᠤ ᠮᠡᠬᠡᠯᠡᠯ᠃ ᠮᠡᠬᠡᠯᠡᠭᠴᠢ ᠡᠯᠧᠺᠲᠷᠣᠨ ᠬᠤᠳᠠᠯᠳᠤᠭᠠᠨ ᠤ ᠲᠠᠪᠴᠠᠩ ᠤᠨ | ᠦᠢᠯᠡᠴᠢᠯᠡᠭᠴᠢ ᠪᠤᠶᠤ ᠲᠦᠷᠭᠡᠨ ᠬᠦᠷᠭᠡᠯᠲᠡ ᠶᠢᠨ ᠦᠢᠯᠡᠴᠢᠯᠡᠭᠴᠢ ᠪᠠᠷ ᠣᠪᠯᠠᠵᠤ᠂ ᠬᠥᠮᠥᠰ ᠤᠨ ᠰᠦᠯᠵᠢᠶᠡᠨ | ᠳᠡᠭᠡᠷ᠎ᠡ ᠠᠴᠠ ᠬᠤᠳᠠᠯᠳᠤᠨ ᠠᠪᠤᠭᠰᠠᠨ ᠲᠠᠸᠠᠷ ᠲᠤ ᠠᠰᠠᠭᠤᠳᠠᠯ ᠭᠠᠷᠤᠭᠰᠠᠨ ᠭᠡᠵᠦ ᠬᠤᠳᠠᠯ ᠬᠡᠯᠡᠵᠦ᠂ ᠵᠣᠭᠤᠰ | ᠪᠤᠴᠠᠭᠠᠬᠤ᠂ ᠲᠥᠯᠥᠪᠦᠷᠢ ᠥᠭᠬᠦ᠂ ᠭᠠᠶᠢᠯᠢ ᠪᠤᠴᠠᠭᠠᠬᠤ ᠵᠡᠷᠭᠡ ᠰᠢᠯᠲᠠᠭᠠᠨ ᠢᠶᠠᠷ ᠬᠥᠮᠥᠰ ᠢ ᠵᠣᠭᠤᠰ ᠪᠤᠴᠠᠭᠠᠬᠤ | ᠬᠠᠭᠤᠷᠮᠠᠭ ᠰᠦᠯᠵᠢᠶ᠎ᠡ ᠳᠤ ᠪᠠᠩᠬᠢ ᠶᠢᠨ ᠺᠠᠷᠲ ᠤᠨ ᠨᠣᠮᠧᠷ ᠪᠤᠶᠤ ᠭᠠᠷ ᠤᠲᠠᠰᠤᠨ ᠤ ᠰᠢᠯᠭᠠᠨ ᠪᠠᠲᠤᠯᠠᠬᠤ ᠺᠣᠳ᠋ | ᠵᠡᠷᠭᠡ ᠶᠢ ᠲᠠᠭᠯᠠᠭᠤᠯᠵᠤ᠂ ᠳᠠᠭᠢᠨ ᠬᠤᠬᠢᠷᠠᠯ ᠠᠮᠰᠠᠭᠴᠢ ᠶᠢᠨ ᠪᠠᠩᠬᠢ ᠶᠢᠨ ᠺᠠᠷᠲ ᠤᠨ ᠵᠣᠭᠤᠰ ᠢ ᠰᠢᠯᠵᠢᠭᠦᠯᠳᠡᠭ᠃ | ★ ᠳᠠᠩᠰᠠᠨ ᠨᠣᠮᠧᠷ ᠢᠶᠠᠨ ᠬᠤᠳᠠᠯᠳᠤᠬᠤ ᠲᠥᠷᠥᠯ ᠤᠨ ᠮᠡᠬᠡᠯᠡᠯ᠃ ᠮᠡᠬᠡᠯᠡᠭᠴᠢᠳ ᠲᠣᠭᠯᠠᠭᠠᠮ ᠤᠨ ᠲᠠᠩᠰᠠᠨ | ᠨᠣᠮᠧᠷ ᠢᠶᠠᠨ ᠬᠤᠳᠠᠯᠳᠤᠬᠤ ᠭᠡᠵᠦ ᠪᠠᠶᠢᠭ᠎ᠠ ᠬᠤᠬᠢᠷᠠᠯ ᠠᠮᠰᠠᠭᠴᠢ ᠶᠢᠨ ᠵᠢᠷᠭᠢᠶ᠎ᠡ ᠵᠡᠷᠭᠡ ᠶᠢ ᠨᠡᠮᠡᠭᠰᠡᠨ ᠤ ᠲᠠᠷᠠᠭ᠎ᠠ | ᠬᠠᠭᠤᠷᠮᠠᠭ ᠲᠠᠩᠰᠠ ᠰᠢᠯᠵᠢᠭᠦᠯᠦᠭᠰᠡᠨ ᠵᠢᠷᠤᠭ ᠰᠡᠭᠦᠳᠡᠷ ᠢᠶᠠᠷ ᠬᠤᠬᠢᠷᠠᠯ ᠠᠮᠰᠠᠭᠴᠢ ᠶᠢ ᠠᠷᠠᠯᠵᠢᠶ᠎ᠠ ᠪᠦᠲᠦᠭᠰᠡᠨ ᠢᠶᠠᠷ | ᠠᠳᠡᠭᠦᠷᠡᠭᠦᠯᠵᠦ᠂ ᠳᠠᠭᠢᠨ ᠡᠯ᠎ᠡ ᠵᠦᠢᠯ ᠤᠨ ᠰᠢᠯᠲᠠᠭ ᠢᠶᠠᠷ ᠬᠤᠬᠢᠷᠠᠯ ᠠᠮᠰᠠᠭᠴᠢ ᠶᠢ ᠬᠤᠳᠠᠯ ᠬᠠᠭᠤᠷᠮᠠᠭ | ᠠᠷᠠᠯᠵᠢᠶᠠᠨ ᠤ ᠲᠠᠪᠴᠠᠩ ᠳᠤ ᠣᠷᠣᠭᠤᠯᠤᠨ᠎ᠠ᠃ ᠮᠡᠬᠡᠯᠡᠭᠴᠢ ᠪᠠᠲᠤᠯᠠᠭ᠎ᠠ ᠶᠢᠨ ᠮᠥᠩᠭᠦ ᠲᠤᠰᠢᠶᠠᠬᠤ᠂ ᠵᠣᠭᠤᠰ | ᠰᠢᠯᠵᠢᠭᠦᠯᠵᠦ ᠲᠡᠶᠢᠯᠭᠦ ᠦᠭᠡᠢ ᠵᠡᠷᠭᠡ ᠰᠢᠯᠲᠠᠭᠠᠨ ᠢᠶᠠᠷ ᠬᠤᠬᠢᠷᠠᠯ ᠠᠮᠰᠠᠭᠴᠢ ᠶᠢ ᠮᠡᠬᠡᠯᠡᠨ ᠳᠠᠭᠢᠨ ᠳᠠᠪᠲᠠᠨ ᠲᠠᠩᠰᠠ | ᠰᠢᠯᠵᠢᠭᠦᠯᠦᠨ᠎ᠡ᠃ | ★ ᠪᠠᠭᠰᠢ ᠪᠠᠷ ᠣᠪᠯᠠᠬᠤ ᠮᠡᠬᠡᠯᠡᠯ᠃ ᠪᠠᠭᠰᠢ ᠪᠠᠷ ᠣᠪᠯᠠᠨ ᠬᠤᠬᠢᠷᠠᠯ ᠠᠮᠰᠠᠭᠴᠢ ᠶᠢᠨ ᠵᠢᠷᠭᠢᠶ᠎ᠡ ᠶᠢ ᠨᠡᠮᠡᠬᠦ | ᠪᠤᠶᠤ ᠠᠩᠭᠢ ᠶᠢᠨ ᠬᠤᠯᠪᠤᠭ᠎ᠠ ᠳᠤ ᠣᠷᠣᠵᠤ᠂ ᠠᠩᠭᠢ ᠶᠢᠨ ᠰᠦᠢᠳᠬᠡᠯ᠂ ᠰᠤᠷᠤᠯᠭ᠎ᠠ ᠶᠢᠨ ᠰᠤᠯᠠ ᠰᠦᠢᠳᠬᠡᠯ | ᠲᠤᠰᠢᠶᠠᠬᠤ ᠵᠡᠷᠭᠡ ᠰᠢᠯᠲᠠᠭᠠᠨ ᠢᠶᠠᠷ ᠬᠤᠬᠢᠷᠠᠯ ᠠᠮᠰᠠᠭᠴᠢ ᠪᠠᠷ ᠵᠣᠭᠤᠰ ᠭᠤᠪᠢᠭᠤᠯᠤᠨ᠎ᠠ᠃ ᠴᠠᠭᠳᠠᠭᠠᠨ ᠤ | ᠲᠠᠯ᠎ᠠ ᠠᠴᠠ᠂ ᠰᠤᠷᠤᠬᠴᠢᠳ ᠰᠡᠵᠢᠭᠯᠡᠯᠲᠡᠢ ᠪᠠᠶᠢᠳᠠᠯ ᠲᠣᠬᠢᠶᠠᠯᠳᠤᠪᠠᠯ ᠴᠠᠭ ᠲᠤᠬᠠᠢ ᠳᠤᠨᠢ 96110 ᠳᠤ | ᠤᠲᠠᠰᠤᠳᠠᠵᠤ ᠠᠰᠠᠭᠤᠨ ᠯᠠᠪᠯᠠᠬᠤ ᠬᠡᠷᠡᠭᠲᠡᠢ ᠭᠡᠵᠦ ᠰᠠᠨᠠᠭᠤᠯᠵᠠᠢ᠃ |