ᠪᠤᠭᠤᠲᠤ ᠬᠤᠲᠠ᠄ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢᠶᠠᠷ ᠳᠡᠭᠡᠭᠰᠢᠯᠡᠭᠦᠯᠬᠦ ᠶᠢ ᠠᠬᠢᠭᠤᠯᠵᠤ᠂ ᠰᠤᠷᠤᠯᠴᠠᠯᠭ᠎ᠠ ᠪᠠᠷ ᠺᠠᠳ᠋ᠷ ᠤᠨ ᠴᠢᠳᠠᠪᠤᠷᠢ ᠶᠢ ᠨᠡᠮᠡᠭᠳᠡᠭᠦᠯᠵᠦ᠂ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠰᠢᠰᠲ᠋ᠧᠮ ᠤᠨ ᠪᠣᠯᠪᠠᠰᠤᠷᠠᠯ ᠤᠨ ᠬᠤᠷᠠᠯ ᠬᠤᠷᠠᠯᠳᠦᠭᠤᠯᠪᠠ
ᠨᠡᠶᠢᠲᠡᠯᠡᠭᠰᠡᠨ ᠴᠠᠭ᠄
2024/9/23
    ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠣᠳᠠᠲᠠᠢ ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠪᠦᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠰᠢᠰᠲ᠋ᠧᠮ ᠤᠨ ᠲᠠᠭᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠰᠲ᠋ᠧᠮ ᠤᠨ ᠲᠠᠭᠯᠠᠬᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 14 ᠤ ᠡᠳᠦᠷ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ︽ᠪᠦᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠰᠢᠰᠲ᠋ᠧᠮ ᠤᠨ ᠪᠣᠯᠪᠠᠰᠤᠷᠠᠯ ᠤᠨ ᠬᠤᠷᠠᠯ︾ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠡᠯ᠎ᠡ ᠬᠤᠰᠢᠭᠤ ᠰᠢᠶᠠᠨ ᠲᠣᠭᠤᠷᠢᠭ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠪᠣᠯᠤᠨ ᠬᠤᠲᠠ ᠶᠢᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ ᠶᠢᠨ ᠰᠢᠰᠲ᠋ᠧᠮ ᠤᠨ ᠲᠠᠭᠯᠠᠨ ᠮᠡᠳᠡᠭᠦᠯᠦᠭᠰᠡᠨ ᠬᠠᠷᠢᠯᠴᠠᠭᠴᠢ ᠪᠠᠷᠤᠭ 50 ᠭᠠᠷᠤᠶ ᠬᠥᠮᠦᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃
W020240919618007250954.jpg
     ᠲᠣᠰ ᠤᠳᠠᠭᠠᠨ ᠤ ᠪᠣᠯᠪᠠᠰᠤᠷᠠᠭᠤᠯᠤᠯ ᠨᠢ ᠤᠯᠤᠰ ᠤᠨ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠭᠤᠤᠯᠳᠠᠯᠭ᠎ᠠ ᠪᠠ ᠰᠢᠰᠲ᠋ᠧᠮ ᠤᠨ ᠴᠢᠳᠠᠮᠵᠢ ᠶᠢ ᠨᠠᠷᠢᠨ ᠲᠠᠨᠢᠯᠴᠠᠭᠤᠯᠵᠤ᠂ ᠲᠤᠭ᠎ᠠ ᠪᠠᠷᠢᠮᠲᠠ ᠶᠢᠨ ᠰᠢᠰᠲ᠋ᠧᠮ ᠤᠨ ᠠᠷᠪᠠᠨ ᠶᠡᠭᠡ ᠬᠡᠰᠡᠭ ᠤᠨ ᠳᠣᠲᠣᠷᠠᠬᠢ ᠬᠦᠰᠦᠨᠦᠭᠲᠦ ᠨᠢᠭᠡᠪᠦᠷᠢ ᠳᠤ ᠨᠠᠷᠢᠨ ᠲᠠᠶᠢᠯᠤᠮᠵᠢ ᠬᠢᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠰᠢᠨ᠎ᠡ ᠱᠠᠭᠠᠷᠳᠠᠯᠭ᠎ᠠ ᠪᠠ ᠪᠠᠷᠢᠮᠵᠢᠶ᠎ᠠ ᠳᠤᠷᠠᠳᠤᠭᠰᠠᠨ ᠪᠠᠶᠢᠨ᠎ᠠ᠃ ᠪᠣᠯᠪᠠᠰᠤᠷᠠᠭᠤᠯᠤᠯ ᠤᠨ ᠳᠠᠷᠠᠭ᠎ᠠ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠯᠴᠠᠬᠤ ᠬᠥᠮᠦᠨ ᠲᠠᠢ ᠡᠳᠦᠷ ᠲᠤᠲᠤᠮ ᠤᠨ ᠲᠠᠭᠯᠠᠨ ᠮᠡᠳᠡᠭᠦᠯᠬᠦ ᠳᠤᠮᠳᠠ ᠲᠤᠯᠭᠠᠷᠠᠭᠰᠠᠨ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠵᠤ᠂ ᠬᠠᠷᠢᠭᠤᠯᠲᠠ ᠥᠭᠪᠡ᠃
W020240919618007281891.jpg
    ᠲᠠᠷᠠᠭᠠᠴᠢ ᠶᠢᠨ ᠠᠯᠬᠤᠮ ᠳᠤ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠠᠴᠠ ᠠᠶᠤᠯᠭᠦᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠷᠭᠦᠯᠵᠢᠯᠡᠨ ᠠᠬᠢᠭᠤᠯᠵᠤ ᠂ ᠲᠣᠰ ᠤᠳᠠᠭᠠᠨ ᠤ ᠪᠣᠯᠪᠠᠰᠤᠷᠠᠯ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠠᠶᠤᠯᠭᠦᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ᠂ ᠪᠣᠳᠠᠲᠤ ᠦᠷ᠎ᠡ ᠪᠦᠲᠦᠮᠵᠢ ᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠂ ᠪᠥᠬᠦ ᠬᠤᠲᠠ ᠶᠢᠨ ᠲᠤᠭ᠎ᠠ ᠪᠠᠷᠢᠮᠲᠠ ᠶᠢ ᠪᠦᠷᠢᠳᠬᠡᠬᠦ ᠠᠵᠢᠯ ᠢ ᠴᠢᠩᠭᠠᠳᠬᠠᠵᠤ᠂ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠵᠣᠬᠢᠴᠠᠭᠤᠯᠭ᠎ᠠ ᠲᠣᠬᠢᠷᠠᠭᠤᠯᠤᠯᠲᠠ ᠶᠢ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠡᠯ᠎ᠡ ᠵᠦᠢᠯ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号