ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ ᠴᠥᠭᠦᠷᠥᠮ ᠤᠨ ᠲᠦᠯᠬᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠨᠡᠭᠦᠯᠭᠡᠨ ᠣᠷᠣᠭᠤᠯᠬᠤ ᠬᠥᠮᠥᠨ ᠠᠮᠠ ᠶᠢ ᠰᠢᠨ᠎ᠡ ᠪᠠᠷ ᠨᠡᠮᠡᠭᠳᠡᠭᠦᠯᠬᠦ ᠶᠢ ᠴᠠᠭᠠᠵᠠᠯᠠᠬᠤ ᠲᠤᠬᠠᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2024/9/23
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ    ᠥᠪᠥᠷ ᠵᠠᠰᠠᠭ ᠦᠰᠦᠭ ﹇2024﹈ 72 ᠳ᠋ᠤᠭᠠᠷ ᠲᠣᠭᠠᠲᠤ    ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ ᠴᠥᠭᠦᠷᠥᠮ ᠤᠨ ᠲᠦᠯᠬᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠨᠡᠭᠦᠯᠭᠡᠨ ᠣᠷᠣᠭᠤᠯᠬᠤ ᠬᠥᠮᠥᠨ ᠠᠮᠠ ᠶᠢ ᠰᠢᠨ᠎ᠡ ᠪᠠᠷ ᠨᠡᠮᠡᠭᠳᠡᠭᠦᠯᠬᠦ ᠶᠢ ᠴᠠᠭᠠᠵᠠᠯᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ    ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄    ᠪᠠᠶᠢᠭᠤᠯᠬᠤ ᠪᠠᠷ ᠪᠠᠶᠢᠭ᠎ᠠ ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠣᠣᠷᠵᠢᠭᠤᠯᠤᠯᠲᠠ ᠶᠢᠨ ᠲᠥᠯᠥᠪᠵᠢᠭᠦᠯᠵᠦ ᠪᠦᠲᠦᠭᠡᠨ ᠪᠠᠶᠢᠭᠤᠯᠬᠤ ᠭᠤᠣᠯᠳᠠᠯᠭ᠎ᠠ ᠲᠠᠢ ᠤᠰᠤᠨ ᠰᠤᠷᠪᠤᠯᠵᠢ ᠶᠢᠨ ᠢᠨᠵᠧᠨᠧᠷᠢᠩ ᠪᠣᠯᠣᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠪᠠ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ︽ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤ ᠴᠠᠬᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠭᠰᠠᠨ ᠲᠥᠯᠥᠪᠦᠷᠢ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 679 ᠳ᠋ᠦ᠋ᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠨ ᠮᠡᠳᠡᠭᠳᠡᠶ᠎ᠡ᠄    ᠨᠢᠭᠡ᠂ ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ ᠴᠥᠭᠦᠷᠥᠮ ᠤᠨ ᠲᠦᠯᠬᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶ᠎ᠡ ᠨᠢ ᠠᠷᠤᠨ ᠬᠤᠰᠢᠭᠤᠨ ᠤ ᠭᠧᠨᠢ ᠭᠤᠣᠯ ᠤᠨ ᠲᠠᠷᠢᠶᠠᠯᠠᠩ ᠤᠨ ᠲᠠᠯᠠᠪᠠᠢ ᠶᠢᠨ ᠬᠢᠵᠠᠭᠠᠷᠲᠤ ᠺᠣᠮᠫᠠᠨᠢ ᠶᠢᠨ ᠠᠷᠪᠠᠨ ᠨᠠᠢᠮᠠᠳᠤᠭᠠᠷ ᠦᠢᠯᠡᠳᠪᠦᠷᠢᠯᠡᠯ ᠤᠨ ᠳᠤᠭᠤᠶᠢᠯᠠᠩ ᠪᠠ ᠠᠷᠤᠨ ᠬᠤᠰᠢᠭᠤᠨ ᠤ ᠳ᠋ᠧᠯᠴᠢᠷ ᠣᠢ ᠰᠢᠭᠤᠢ ᠶᠢᠨ ᠲᠠᠯᠠᠪᠠᠢ᠂ ᠰᠠᠨ ᠬᠤᠤ ᠳ᠋ᠢᠶᠠᠨ ᠽᠢ ᠣᠢ ᠰᠢᠭᠤᠢ ᠶᠢᠨ ᠲᠠᠯᠠᠪᠠᠢ ᠲᠠᠢ ᠬᠤᠯᠪᠣᠭᠳᠠᠵᠤ᠂ ᠪᠣᠳᠠᠲᠠᠢ ᠬᠦᠷᠢᠶ᠎ᠡ ᠬᠡᠪᠴᠢᠶ᠎ᠡ ᠶᠢ ᠨᠢ ᠲᠤᠬᠠᠢ ᠶᠢᠨ ᠲᠠᠯᠠᠪᠠᠢ ᠳᠤ ᠬᠠᠳᠠᠭᠰᠠᠨ ᠱᠣᠩ ᠢᠶᠠᠷ ᠪᠠᠷᠢᠮᠵᠢᠶ᠎ᠠ ᠪᠣᠯᠭᠠᠨ᠎ᠠ᠃    ᠬᠤᠶᠠᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ ᠴᠥᠭᠦᠷᠥᠮ ᠤᠨ ᠲᠦᠯᠬᠢᠯᠲᠡ ᠶᠢᠨ ᠣᠷᠣᠨ ᠪᠠ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠡᠯ᠎ᠡ ᠵᠦᠢᠯ ᠤᠨ ᠰᠠᠭᠤᠷᠢ ᠪᠡᠯᠡᠳᠬᠡᠮᠵᠢ ︵ᠰᠢᠶᠠᠩ ᠪᠠᠯᠭᠠᠰᠤᠨ ᠤ ᠠᠵᠤ ᠠᠬᠤᠶᠢᠯᠠᠯ ᠪᠠ ᠠᠷᠠᠳ ᠤᠨ ᠬᠡᠷᠡᠭᠯᠡᠭᠡᠨ ᠤ ᠣᠷᠣᠨ ᠰᠠᠭᠤᠴᠠ ᠶᠢ ᠪᠠᠭᠲᠠᠭᠠᠨ᠎ᠠ︶ ᠪᠠᠶᠢᠭᠤᠯᠬᠤ ᠶᠢ ᠵᠥᠪᠰᠢᠶᠡᠷᠡᠵᠦ ᠪᠣᠯᠬᠤ ᠦᠭᠡᠢ᠃    ᠭᠤᠷᠪᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ ᠴᠥᠭᠦᠷᠥᠮ ᠤᠨ ᠲᠦᠯᠬᠢᠯᠲᠡ ᠶᠢᠨ ᠣᠷᠣᠨ ᠪᠠ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠲᠥᠷᠥᠯ ᠵᠦᠢᠯ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ ᠪᠣᠯᠬᠤ ᠦᠭᠡᠢ᠂ ᠭᠡᠷ ᠪᠠᠶᠢᠰᠢᠩ ᠵᠢᠴᠢ ᠪᠤᠰᠤᠳ ᠪᠡᠯᠡᠳᠬᠡᠮᠵᠢ ᠶᠢ ᠪᠠᠶᠢᠭᠤᠯᠵᠤ ᠪᠣᠯᠬᠤ ᠦᠭᠡᠢ᠂ ᠤᠤᠯ ᠭᠠᠵᠠᠷ ᠤᠨ ᠲᠥᠷᠥᠯ᠂ ᠭᠠᠵᠠᠷ ᠤᠨ ᠲᠥᠷᠬᠦ ᠶᠢ ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠬᠤ ᠭᠠᠵᠠᠷ᠂ ᠴᠡᠴᠡᠷᠯᠢᠭ ᠤᠨ ᠭᠠᠵᠠᠷ ᠢ ᠵᠠᠪᠳᠤᠨ ᠵᠠᠪᠰᠢᠵᠤ ᠬᠠᠭᠠᠯᠪᠤᠷᠢᠯᠠᠬᠤ᠂ ᠡᠯ᠎ᠡ ᠵᠦᠢᠯ ᠤᠨ ᠣᠯᠠᠨ ᠨᠠᠰᠤᠲᠤ ᠠᠵᠤ ᠠᠬᠤᠢ ᠶᠢᠨ ᠲᠠᠷᠢᠮᠠᠯ ᠪᠠ ᠣᠢ ᠮᠣᠳᠣ ᠶᠢ ᠵᠠᠪᠳᠤᠨ ᠵᠠᠪᠰᠢᠵᠤ ᠵᠠᠶᠢᠯᠠᠬᠤ ᠵᠡᠷᠭᠡ ᠭᠠᠵᠠᠷ ᠰᠢᠷᠣᠢ ᠶᠢᠨ ᠬᠡᠷᠡᠭᠴᠡᠭᠡ ᠶᠢ ᠬᠤᠪᠢᠷᠠᠭᠤᠯᠬᠤ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠨᠥᠯᠥᠭᠡᠯᠡᠬᠦ ᠠᠵᠢᠯᠯᠠᠭ᠎ᠠ ᠶᠢ ᠬᠢᠵᠦ ᠪᠣᠯᠬᠤ ᠦᠭᠡᠢ᠃    ᠳᠥᠷᠪᠡ᠂ ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠡᠯᠢᠶᠡᠳ ᠤᠷᠲᠤ ᠪᠠᠶᠢᠬᠤ ᠶᠢ ᠪᠣᠳᠣᠯᠬᠢᠯᠠᠨ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠳᠤ ᠨᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠠᠴᠠ ᠪᠣᠯᠵᠤ ᠳᠡᠩᠳᠡᠭᠦᠦ ᠶᠡᠭᠡ ᠨᠥᠯᠥᠭᠡ ᠪᠣᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠰᠢᠭᠤᠳ ᠬᠤᠯᠪᠣᠭᠳᠠᠬᠤ᠂ ᠦᠨᠡᠨ ᠬᠦ ᠪᠦᠲᠦᠭᠡᠨ ᠪᠠᠶᠢᠭᠤᠯᠬᠤ ᠴᠢᠬᠤᠯᠠ ᠲᠠᠢ ᠲᠥᠷᠥᠯ ᠵᠦᠢᠯ ᠳᠤ ︽ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤ ᠴᠠᠬᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠭᠰᠠᠨ ᠲᠥᠯᠥᠪᠦᠷᠢ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠪᠠᠶᠢᠭᠤᠯᠵᠤ ᠪᠣᠯᠣᠨ᠎ᠠ᠃    ᠲᠠᠪᠤ᠂ ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ ᠴᠥᠭᠦᠷᠥᠮ ᠤᠨ ᠲᠦᠯᠬᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠠᠬᠢ ᠡᠷᠦᠬᠡ ᠠᠮᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠬᠥᠮᠥᠨ ᠠᠮᠠ ᠨᠡᠭᠦᠯᠭᠡᠨ ᠣᠷᠣᠭᠤᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠲᠥᠷᠥᠭᠰᠡᠨ᠂ ᠤᠷᠤᠭᠯᠠᠭᠰᠠᠨ᠂ ᠴᠡᠷᠢᠭ ᠠᠴᠠ ᠬᠠᠯᠠᠭᠳᠠᠭᠰᠠᠳ ᠪᠠ ᠪᠠᠭᠤᠭᠰᠠᠳ᠂ ᠳᠡᠭᠡᠳᠦ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠥᠰ ᠵᠡᠷᠭᠡ ᠨᠤᠲᠤᠭ ᠲᠤ ᠪᠠᠨ ᠪᠤᠴᠠᠭᠰᠠᠨ ᠬᠥᠮᠥᠰ ᠠᠴᠠ ᠪᠤᠰᠤᠳ ᠲᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠯ᠎ᠡ ᠲᠥᠷᠥᠯ ᠤᠨ ᠬᠥᠮᠥᠨ ᠠᠮᠠ ᠳᠤ ᠨᠡᠭᠦᠯᠭᠡᠵᠦ ᠣᠷᠣᠭᠤᠯᠬᠤ ᠭᠠᠷᠳᠠᠮ ᠭᠦᠢᠴᠡᠳᠬᠡᠵᠦ ᠪᠣᠯᠬᠤ ᠦᠭᠡᠢ᠃    ᠵᠢᠷᠭᠤᠭ᠎ᠠ᠂ ᠪᠠᠷᠢᠯᠭ᠎ᠠ ᠶᠢᠨ ᠭᠠᠵᠠᠷ ᠰᠢᠷᠣᠢ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠲᠠᠰᠢᠷᠠᠮ ᠢ ᠠᠰᠢᠭᠯᠠᠨ ᠣᠯᠠᠨ ᠲᠦᠮᠡᠨ ᠢ ᠥᠳᠥᠭᠡᠨ ᠬᠡᠷᠡᠭ ᠭᠠᠷᠭᠠᠵᠤ᠂ ᠭᠠᠵᠠᠷ ᠰᠢᠷᠣᠢ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠠᠵᠢᠯ ᠳᠤ ᠬᠠᠷᠰᠢ ᠰᠠᠭᠠᠳ ᠤᠴᠠᠷᠠᠭᠤᠯᠤᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠠᠷᠰᠢᠯᠠᠨ ᠨᠥᠯᠥᠭᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠨ ᠲᠣᠷᠭᠠᠬᠤ ᠬᠠᠤᠯᠢ︾ ᠶᠢᠨ ᠲᠣᠭᠲᠠᠭᠠᠯ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠲᠣᠷᠭᠠᠭᠤᠯᠢ ᠥᠭᠬᠦ ᠬᠡᠷᠡᠭᠲᠡᠢ᠃ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃    ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                              2024 ᠣᠨ ᠤ 4 ᠳ᠋ᠦ᠋ᠭᠡᠷ ᠰᠠᠷ᠎ᠠ ᠶᠢᠨ 7 ᠤ ᠡᠳᠦᠷ    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号