ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠳᠤᠮᠳᠠᠳᠤ ᠶᠢᠨ ᠬᠢᠯᠢ ᠬᠢᠵᠠᠭᠠᠷ ᠤᠨ ᠠᠶᠠᠯᠠᠯ︾ ᠤᠨ ᠠᠵᠢᠯᠯᠠᠭ᠎ᠠ ᠠᠯᠠᠱᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/23
    9 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠦᠨᠳᠦᠰᠦᠲᠡᠨ ᠤ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠭᠤᠤᠯᠯᠠᠨ ᠡᠷᠭᠢᠯᠡᠵᠦ᠂ ︽ᠳ᠋ᠤᠤ ᠵᠥᠩ ᠬᠤᠸᠠ︾ ᠰᠣᠶᠣᠯ ᠤᠬᠠᠭᠤᠯᠭ᠎ᠠ ᠶᠢᠨ ᠲᠠᠪᠴᠠᠩ ᠠᠴᠠ ᠳᠠᠭᠠᠭᠠᠴᠢᠯᠠᠨ ᠡᠷᠭᠢᠯᠡᠵᠦ᠂ ᠠᠯᠠᠱᠠ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠬᠠᠮᠵᠢᠨ ᠡᠷᠭᠢᠯᠡᠭᠰᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠳᠤᠮᠳᠠᠳᠤ ᠶᠢᠨ ᠬᠢᠯᠢ ᠬᠢᠵᠠᠭᠠᠷ ᠤᠨ ᠠᠶᠠᠯᠠᠯ︾ ᠤᠨ ᠠᠵᠢᠯᠯᠠᠭ᠎ᠠ ᠠᠯᠠᠱᠠ ᠠᠶᠢᠮᠠᠭ ᠲᠤ ᠶᠠᠪᠤᠭᠳᠠᠪᠠ᠃    ︽ᠳ᠋ᠤᠤ ᠵᠦᠩ ᠬᠤᠸᠠ︾ ᠪᠣᠯ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠯᠢᠭᠡᠷ ᠢ ᠶᠠᠷᠢᠬᠤ ᠶᠢᠨ ᠲᠥᠯᠥᠭᠡ ᠨᠠᠷᠢᠨ ᠨᠢᠮᠪᠠᠢ ᠡᠭᠦᠳᠦᠨ ᠪᠦᠲᠦᠭᠡᠭᠰᠡᠨ ᠦᠨᠳᠦᠰᠦᠲᠡᠨ ᠤ ᠳᠠᠮᠵᠢᠭᠤᠯᠭ᠎ᠠ ᠶᠢᠨ ᠨᠡᠷᠡᠲᠦ ᠲᠡᠮᠳᠡᠭ ᠮᠥᠨ᠃ ᠲᠤᠰ ᠡᠳᠦᠷ᠂ ᠳᠤᠮᠳᠠᠳᠤ ᠤᠯᠤᠰ ᠤᠨ ᠦᠨᠳᠦᠰᠦᠲᠡᠨ ᠤ ᠰᠣᠨᠢᠨ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠣᠨᠢᠨ᠂ ᠭᠤᠸᠠᠩᠮᠢᠩ ᠰᠦᠯᠵᠢᠶ᠎ᠡ᠂ ᠥᠪᠥᠷ ᠮᠣᠩᠭᠤᠯ ᠤᠨ ᠵᠢᠷᠤᠭᠲᠤ ᠰᠣᠨᠢᠨ ᠤ ᠬᠤᠷᠢᠶ᠎ᠠ ᠵᠡᠷᠭᠡ 20 ᠭᠠᠷᠤᠢ ᠵᠠᠭᠤᠴᠢᠯᠠᠭᠤᠷ ᠤᠨ ᠰᠤᠷᠪᠤᠯᠵᠢᠯᠠᠭᠴᠢ ᠪᠣᠯᠤᠨ ᠰᠦᠯᠵᠢᠶᠡᠨ ᠤ ᠶᠡᠭᠡ V ᠳᠤᠭᠤᠶᠢᠯᠠᠩ ᠪᠦᠷᠢᠯᠳᠦᠵᠦ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠲᠤᠩᠭᠠᠯᠠᠭ ᠨᠠᠭᠤᠷ ᠭᠠᠴᠠᠭ᠎ᠠ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ᠂ ᠠᠯᠠᠱᠠ ᠶᠢᠨ ᠪᠠᠭᠠᠲᠤᠷᠴᠤᠳ ᠤᠨ ᠬᠤᠷᠠᠯ ᠤᠨ ᠲᠠᠯᠠᠪᠠᠢ ᠵᠡᠷᠭᠡ ᠭᠠᠵᠠᠷ ᠢᠶᠠᠷ ᠲᠣᠭᠤᠷᠢᠨ ᠦᠵᠡᠵᠦ ᠰᠤᠷᠪᠤᠯᠵᠢᠯᠠᠵᠤ᠂ ᠠᠯᠠᠱᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠬᠡ ᠤᠯᠤᠰ ᠤᠨ ᠬᠢᠯᠢ ᠬᠢᠵᠠᠭᠠᠷ ᠢ ᠰᠠᠬᠢᠨ ᠬᠠᠮᠠᠭᠠᠯᠠᠬᠤ᠂ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠠᠮᠢᠳᠤᠯᠢᠭ ᠦᠢᠯᠡᠳᠦᠯᠭᠡ ᠶᠢ ᠭᠦᠨᠵᠡᠭᠡᠢ ᠣᠶᠢᠯᠠᠭᠠᠪᠠ᠃    ︽ᠡᠨᠡ ᠤᠳᠠᠭ᠎ᠠ ᠶᠢᠨ ᠠᠵᠢᠯᠯᠠᠭ᠎ᠠ ᠳᠤ ᠣᠷᠣᠯᠴᠠᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠠᠯᠠᠱᠠ ᠳᠤ ᠠᠩᠬ᠎ᠠ ᠤᠳᠠᠭ᠎ᠠ ᠢᠷᠡᠵᠦ ᠪᠠᠶᠢᠨ᠎ᠠ᠂ ᠪᠢᠳᠡ ᠡᠬᠡ ᠤᠯᠤᠰ ᠤᠨ ᠪᠠᠷᠠᠭᠤᠨ ᠬᠤᠶᠢᠲᠤ ᠣᠷᠣᠨ ᠤ ᠦᠵᠡᠰᠬᠦᠯᠡᠩᠲᠦ ᠰᠠᠶᠢᠬᠠᠨ ᠦᠵᠡᠮᠵᠢ ᠶᠢ ᠪᠡᠶ᠎ᠡ ᠪᠠᠷ ᠢᠶᠠᠨ ᠮᠡᠳᠡᠷᠡᠵᠦ᠂ ᠪᠠᠰᠠ ᠦᠨᠳᠦᠰᠦᠲᠡᠨ ᠤ ᠠᠭᠤᠰᠤᠯᠴᠠᠯ᠂ ᠡᠶ᠎ᠡ ᠵᠣᠬᠢᠴᠠᠩᠭᠤᠢ ᠬᠥᠭᠵᠢᠯᠲᠡ ᠶᠢᠨ ᠠᠮᠢᠳᠤᠯᠢᠭ ᠵᠢᠷᠤᠭ ᠢ ᠣᠯᠵᠤ ᠬᠠᠷᠠᠯ᠎ᠠ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠲᠠᠢ ᠨᠠᠩ ᠣᠶᠢᠷᠠᠲᠤᠭᠰᠠᠨ ᠪᠥᠭᠡᠳ ᠬᠢᠯᠢ ᠬᠢᠵᠠᠭᠠᠷ ᠤᠨ ᠦᠨᠳᠦᠰᠦᠲᠡᠨ ᠤ ᠠᠭᠤᠰᠤᠯᠴᠠᠯ ᠢ ᠦᠨᠡᠨ ᠪᠣᠳᠠᠲᠠᠶ ᠪᠠᠷ ᠲᠤᠰᠬᠠᠭᠰᠠᠨ ᠠᠮᠢᠳᠤᠯᠢᠭ ᠪᠦᠲᠦᠭᠡᠯ ᠤᠳ ᠢ ᠵᠣᠬᠢᠶᠠᠨ ᠪᠦᠲᠦᠭᠡᠬᠦ ᠶᠢ ᠬᠦᠰᠡᠵᠦ ᠪᠠᠶᠢᠨ᠎ᠠ᠃︾ ᠭᠡᠵᠦ ᠲᠤᠩ ᠰᠢᠶᠦ᠋ᠨ ᠸᠢᠳᠢᠣ᠋ ᠶᠢᠨ ᠳᠡᠭᠡᠳᠦ ᠲᠠᠰ ᠤᠨ ᠨᠠᠶᠢᠷᠠᠭᠤᠯᠤᠭᠴᠢ ᠯᠤᠩ ᠬᠤᠤ ᠶᠠᠩ ᠬᠡᠯᠡᠪᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ 5 ᠡᠳᠦᠷ ᠶᠠᠪᠤᠭᠳᠠᠵᠤ᠂ ᠰᠤᠷᠪᠤᠯᠵᠢᠯᠠᠬᠤ ᠪᠦᠯᠬᠦᠮ ᠤᠷᠢᠳ ᠬᠤᠵᠢᠳ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ᠂ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠪᠣᠯᠤᠨ ᠳ᠋ᠦᠩᠹᠧᠩ ᠰᠠᠨᠰᠠᠷ ᠤᠨ ᠠᠶᠠᠯᠠᠯ ᠤᠨ ᠬᠤᠲᠠ ᠳᠤ ᠬᠦᠷᠴᠦ ᠲᠤᠬᠠᠶ ᠶᠢᠨ ᠭᠠᠵᠠᠷ ᠲᠤᠨᠢ ᠰᠤᠷᠪᠤᠯᠵᠢᠯᠠᠨ᠂ ᠠᠯᠠᠱᠠ ᠶᠢᠨ ᠦᠨᠳᠦᠰᠦᠲᠡᠨ ᠨᠦᠭᠦᠳ ᠠᠭᠤᠰᠤᠯᠴᠠᠵᠤ ᠬᠠᠮᠲᠤ ᠪᠠᠷ ᠣᠷᠣᠰᠢᠬᠤ ᠦᠨᠳᠦᠰᠦᠲᠡᠨ ᠤ ᠪᠦᠯᠬᠦᠮᠳᠡᠯ ᠤᠨ ᠠᠭᠤᠷ ᠠᠮᠢᠰᠬᠤᠯ ᠢ ᠪᠡᠶ᠎ᠡ ᠪᠠᠷ ᠢᠶᠠᠨ ᠣᠶᠢᠯᠠᠭᠠᠵᠤ᠂ ᠭᠠᠷ ᠲᠠᠬᠢ ᠪᠢᠷ ᠪᠣᠯᠤᠨ ᠦᠵᠡᠭᠳᠡᠯ ᠢᠶᠠᠷ ᠢᠶᠠᠨ ᠬᠢᠯᠢ ᠬᠢᠵᠠᠭᠠᠷ ᠤᠨ ᠦᠨᠳᠦᠰᠦᠲᠡᠨ ᠨᠦᠭᠦᠳ ᠤᠨ ᠪᠦᠯᠬᠦᠮᠳᠡᠨ ᠲᠡᠮᠡᠴᠡᠵᠦ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠬᠢᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠪᠥᠬᠦ ᠲᠠᠯ᠎ᠠ ᠪᠠᠷ᠂ ᠣᠯᠠᠨ ᠥᠨᠴᠥᠭ ᠢᠶᠠᠷ᠂ ᠪᠣᠰᠤᠭ᠎ᠠ ᠴᠣᠭᠴᠠ ᠪᠠᠷ ᠳᠡᠯᠭᠡᠨ ᠦᠵᠡᠭᠦᠯᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号