ᠰᠢ ᠶᠢᠨ ᠫᠢᠩ ᠰᠠᠷᠠᠨ ᠪᠦᠮᠪᠦᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠶᠢᠨ ᠰᠤᠳᠤᠯᠭᠠᠨ ᠪᠠ ᠲᠤᠷᠰᠢᠯᠲᠠ ᠳᠤ ᠣᠷᠣᠯᠴᠠᠭᠰᠠᠳ ᠤᠨ ᠲᠦᠯᠦᠭᠡᠯᠡᠭᠴᠢᠳ ᠲᠠᠢ ᠠᠭᠤᠯᠵᠠᠬᠤ ᠳᠠᠭᠠᠨ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ ᠡᠭᠦᠨ ᠤ ᠬᠠᠮᠲᠤ ᠰᠠᠷᠠᠨ ᠪᠥᠮᠪᠥᠷᠴᠡᠭ ᠤᠨ ᠦᠯᠢᠭᠡᠷ ᠡᠳ᠋ ᠪᠠ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ ᠯᠢ ᠴᠢᠶᠠᠩ ᠵᠣᠣ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠠᠵᠢᠯᠯᠠᠭ᠎ᠠ ᠳᠤ ᠣᠷᠣᠯᠴᠠᠵᠠᠢ
ᠨᠡᠶᠢᠲᠡᠯᠡᠭᠰᠡᠨ ᠴᠠᠭ᠄
2024/9/24
    ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 23 ᠤ ᠴᠠᠭᠢᠯᠭᠠᠨ ᠮᠡᠳᠡᠭᠡ  ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 23 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠢᠩᠬᠢᠮ ᠳᠤ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠶᠢᠨ ᠰᠤᠳᠤᠯᠭᠠᠨ ᠪᠠ ᠲᠤᠷᠰᠢᠯᠲᠠ ᠳᠤ ᠣᠷᠣᠯᠴᠠᠭᠰᠠᠳ ᠤᠨ ᠲᠥᠯᠥᠭᠡᠯᠡᠭᠴᠢᠳ ᠲᠠᠢ ᠠᠭᠤᠯᠵᠠᠬᠤ ᠳᠠᠭᠠᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠦᠷ᠎ᠡ ᠪᠦᠲᠦᠭᠡᠯ ᠳᠤ ᠮᠠᠨ ᠤ ᠤᠯᠤᠰ ᠤᠨ ᠬᠡᠳᠦᠨ ᠦᠶ᠎ᠡ ᠶᠢᠨ ᠰᠠᠨᠰᠠᠷ ᠤᠨ ᠠᠶᠠᠯᠠᠯ ᠤᠨ ᠠᠵᠢᠯᠲᠠᠳ ᠤᠨ ᠣᠶᠤᠨ ᠤᠬᠠᠭᠠᠨ ᠪᠠ ᠬᠦᠴᠦ ᠭᠦᠳᠡᠯᠮᠦᠷᠢ ᠰᠢᠩᠭᠡᠵᠦ ᠪᠠᠶᠢᠭ᠎ᠠ ᠶᠤᠮ᠂ ᠡᠨᠡ ᠨᠢ ᠮᠠᠨ ᠤ ᠡᠳᠡᠭᠡᠷ ᠵᠢᠯ ᠤᠳ ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠲᠠᠯ᠎ᠠ ᠪᠠᠷ ᠣᠯᠣᠭᠰᠠᠨ ᠢᠯᠡᠳᠲᠡ ᠠᠮᠵᠢᠯᠲᠠ ᠪᠦᠲᠦᠮᠵᠢ ᠶᠢ ᠨᠢᠭᠡ ᠲᠠᠯ᠎ᠠ ᠠᠴᠠ ᠬᠠᠷᠠᠭᠤᠯᠵᠤ᠂ ᠳᠤᠮᠳᠠᠳᠤᠴᠤᠳ ᠤᠨ ᠡᠷᠴᠢ ᠵᠣᠷᠢᠭ᠂ ᠰᠥᠰᠥ ᠵᠣᠷᠢᠭ ᠪᠠ ᠢᠲᠡᠭᠡᠯ ᠵᠣᠷᠢᠭ ᠢ ᠭᠦᠢᠴᠡᠳ ᠬᠠᠷᠠᠭᠤᠯᠪᠠ᠃ ᠨᠡᠶᠢᠭᠡᠮ ᠳᠠᠶᠠᠭᠠᠷ ᠲᠤ ᠬᠦᠰᠡᠯ ᠵᠡᠭᠦᠳᠦ ᠪᠠᠨ ᠬᠥᠭᠡᠭᠡᠴᠡᠯᠳᠦᠬᠦ᠂ ᠵᠣᠷᠢᠭᠲᠠᠢ ᠬᠠᠶᠢᠨ ᠰᠦᠪᠡᠭᠴᠢᠯᠡᠬᠦ᠂ ᠬᠠᠮᠵᠢᠯᠴᠠᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠦᠨᠳᠦᠰᠦᠲᠡᠨ ᠤ ᠢᠲᠡᠭᠡᠯ ᠵᠣᠷᠢᠭ ᠪᠠ ᠣᠮᠤᠭ ᠪᠠᠭ᠋ᠠᠳᠤᠯᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
6386277091023790452810257.jpg
       9 ᠰᠠᠷ᠎ᠠ ᠶᠢᠨ 23 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠨᠠᠷ ᠠᠷᠠᠳ ᠤᠨ ᠶᠡᠭᠡ ᠬᠤᠷᠠᠯ ᠤᠨ  ᠲᠢᠩᠬᠢᠮ ᠳᠤ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠶᠢᠨ ᠰᠤᠳᠤᠯᠭᠠᠨ ᠪᠠ ᠲᠤᠷᠰᠢᠯᠲᠠ ᠳᠤ ᠣᠷᠣᠯᠴᠠᠭᠰᠠᠳ ᠤᠨ ᠲᠥᠯᠥᠭᠡᠯᠡᠭᠴᠢᠳ ᠲᠠᠢ ᠠᠭᠤᠯᠵᠠᠭᠰᠠᠨ ᠪᠥᠭᠡᠳ ᠰᠠᠷᠠᠨ ᠪᠥᠮᠪᠥᠷᠴᠡᠭ ᠤᠨ ᠦᠯᠢᠭᠡᠷ ᠡᠳ᠋ ᠪᠠ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ᠃ ᠵᠢᠷᠤᠭ ᠪᠣᠯ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠪᠠᠶᠢᠭ᠎ᠠ ᠨᠢ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ
6386277093905529812815813.jpg
        9 ᠰᠠᠷ᠎ᠠ ᠶᠢᠨ 23 ᠤ ᠡᠳᠦᠷ ᠂  ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂  ᠳ᠋ᠢᠩ ᠰᠢᠤᠸᠠᠢ ᠰᠢᠶᠠᠩ᠂ ᠯᠢ ᠰᠢ ᠨᠠᠷ ᠠᠷᠠᠳ ᠤᠨ ᠶᠡᠭᠡ ᠬᠤᠷᠠᠯ ᠤᠨ  ᠲᠢᠩᠬᠢᠮ ᠳᠤ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠶᠢᠨ ᠰᠤᠳᠤᠯᠭᠠᠨ ᠪᠠ ᠲᠤᠷᠰᠢᠯᠲᠠ ᠳᠤ ᠣᠷᠣᠯᠴᠠᠭᠰᠠᠳ ᠤᠨ ᠲᠥᠯᠥᠭᠡᠯᠡᠭᠴᠢᠳ ᠲᠠᠢ ᠠᠭᠤᠯᠵᠠᠭᠰᠠᠨ ᠪᠥᠭᠡᠳ ᠰᠠᠷᠠᠨ ᠪᠥᠮᠪᠥᠷᠴᠡᠭ ᠤᠨ ᠦᠯᠢᠭᠡᠷ ᠡᠳ᠋ ᠪᠠ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ᠃ ᠵᠢᠷᠤᠭ ᠪᠣᠯ ᠰᠢ ᠶᠢᠨ ᠫᠢᠩ ᠨᠠᠷ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠶᠢᠨ ᠰᠤᠳᠤᠯᠭᠠᠨ ᠪᠠ ᠲᠤᠷᠰᠢᠯᠲᠠ ᠳᠤ ᠣᠷᠣᠯᠴᠠᠭᠰᠠᠳ ᠤᠨ ᠲᠥᠯᠥᠭᠡᠯᠡᠭᠴᠢᠳ ᠲᠠᠢ ᠠᠭᠤᠯᠵᠠᠵᠤ ᠪᠠᠶᠢᠭ᠎ᠠ ᠨᠢ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ ᠸᠧᠢ ᠰᠡᠭᠦᠳᠡᠷᠯᠡᠪᠡ    ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠠᠵᠢᠯᠯᠠᠭ᠎ᠠ ᠳᠤ ᠣᠷᠣᠯᠴᠠᠵᠠᠢ᠃    ᠦᠳᠡ ᠶᠢᠨ ᠡᠮᠦᠨᠡᠬᠢ 10 ᠴᠠᠭ ᠤᠨ ᠦᠶ᠎ᠡ ᠪᠠᠷ᠂ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠠᠷᠠᠳ ᠤᠨ ᠶᠡᠭᠡ ᠬᠤᠷᠠᠯ ᠤᠨ ᠲᠢᠩᠬᠢᠮ ᠤᠨ ᠬᠤᠶᠢᠲᠤ ᠶᠡᠭᠡ ᠲᠢᠩᠬᠢᠮ ᠳᠤ ᠬᠦᠷᠬᠦ ᠳᠤ ᠲᠠᠯᠠᠪᠠᠢ ᠳᠠᠶᠠᠭᠠᠷ ᠤᠳᠠᠲᠠᠯ᠎ᠠ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠰᠢ ᠶᠢᠨ ᠫᠢᠩ ᠨᠠᠷ ᠤᠯᠠᠨ ᠲᠠᠢ ᠳᠣᠲᠣᠨᠣ ᠪᠠᠷ ᠭᠠᠷ ᠠᠳᠬᠤᠭᠰᠠᠨ ᠪᠥᠭᠡᠳ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃    ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠡᠨᠡ ᠵᠢᠯ ᠤᠨ 6 ᠰᠠᠷ᠎ᠠ ᠶᠢᠨ 25 ᠤ ᠡᠳᠦᠷ᠂ ᠴᠠᠩ ᠧ ᠵᠢᠷᠭᠤᠳᠤᠭᠠᠷ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠠᠮᠵᠢᠯᠲᠠ ᠲᠠᠢ ᠪᠤᠴᠠᠵᠤ ᠢᠷᠡᠪᠡ᠂ ᠪᠢ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠤᠭᠰᠠᠨ ᠶᠤᠮ᠃ ᠥᠨᠥᠳᠥᠷ᠂ ᠪᠢ ᠲᠥᠪ ᠤᠨ ᠪᠤᠰᠤᠳ ᠤᠳᠤᠷᠢᠳᠬᠤ ᠨᠥᠬᠦᠳ ᠲᠠᠢ ᠬᠠᠮᠲᠤ ᠪᠠᠷ ᠤᠯᠠᠨ ᠢ ᠡᠷᠭᠢᠨ ᠦᠵᠡᠵᠦ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠤᠯᠠᠨ ᠳᠤ ᠳᠠᠬᠢᠨᠲᠠ ᠬᠠᠯᠠᠭᠤᠨ ᠪᠠᠶᠠᠷ ᠬᠦᠷᠭᠡᠬᠦ ᠶᠢᠨ ᠬᠠᠮᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ︕ ᠭᠡᠵᠦ ᠢᠯᠡᠳᠬᠡᠪᠡ᠃    ᠰᠢ ᠶᠢᠨ ᠫᠢᠩ᠂ ᠴᠠᠩ ᠧ ᠵᠢᠷᠭᠤᠳᠤᠭᠠᠷ ᠬᠥᠮᠥᠨ ᠲᠥᠷᠥᠯᠬᠢᠲᠡᠨ ᠤ ᠲᠡᠦᠬᠡᠨ ᠳᠡᠭᠡᠷ᠎ᠡ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠭᠡᠷ ᠡᠳ᠋ ᠠᠪᠬᠤ ᠶᠢ ᠪᠡᠶᠡᠯᠡᠭᠦᠯᠵᠦ᠂ ᠤᠯᠠᠨ ᠵᠦᠢᠯ ᠤᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠶᠢ ᠰᠢᠪᠲᠤᠯᠵᠤ᠂ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠣᠯᠣᠭᠰᠠᠨ ᠪᠠᠰᠠ ᠨᠢᠭᠡᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠪᠣᠯᠵᠠᠢ᠂ ᠮᠠᠨ ᠤ ᠤᠯᠤᠰ ᠤᠨ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠢᠬᠤᠯᠠ ᠬᠥᠰᠢᠶ᠎ᠡ ᠲᠡᠮᠳᠡᠭ ᠪᠣᠯᠣᠨ᠎ᠠ᠃ 20 ᠵᠢᠯ ᠤᠨ ᠲᠤᠷᠰᠢ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠬᠦᠷᠢᠶᠡᠨ ᠳᠤ ᠦᠷᠭᠦᠯᠵᠢᠯᠡᠨ ᠪᠣᠭᠤᠮᠲᠠ ᠰᠢᠪᠲᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠤ ᠢᠯᠡᠷᠡᠭᠦᠯᠦᠯᠲᠡ᠂ ᠮᠡᠷᠭᠡᠵᠢᠯ ᠤᠨ ᠰᠢᠨ᠎ᠡ ᠡᠭᠦᠳᠦᠯᠲᠡ᠂ ᠢᠨᠵᠧᠨᠧᠷᠢᠩ ᠤᠨ ᠦᠢᠯᠡᠳᠦᠯᠭᠡ᠂ ᠦᠷ᠎ᠡ ᠪᠦᠲᠦᠭᠡᠯ ᠤᠨ ᠤᠨᠳᠤᠤᠰᠢᠭᠤᠯᠤᠯᠳᠠ᠂ ᠤᠯᠠᠨ ᠤᠯᠤᠰ ᠤᠨ ᠬᠠᠮᠲᠤᠷᠠᠯᠴᠠᠭ᠎ᠠ ᠵᠡᠷᠭᠡ ᠲᠠᠯ᠎ᠠ ᠪᠠᠷ ᠪᠠᠶᠠᠯᠢᠭ ᠦᠷ᠎ᠡ ᠪᠦᠲᠦᠭᠡᠯ ᠣᠯᠵᠤ᠂ ᠨᠢᠭᠡᠨ ᠴᠢᠨᠠᠷ ᠰᠠᠶᠢᠲᠠᠢ᠂ ᠥᠨᠳᠥᠷ ᠦᠷ᠎ᠡ ᠠᠰᠢᠭ ᠪᠦᠬᠦᠢ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠵᠠᠮ ᠢ ᠨᠡᠭᠡᠭᠡᠵᠦ᠂ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠬᠥᠭᠵᠢᠯᠲᠡ᠂ ᠬᠥᠮᠥᠨ ᠲᠥᠷᠥᠯᠬᠢᠲᠡᠨ ᠤ ᠰᠠᠨᠰᠠᠷ ᠣᠭᠲᠠᠷᠭᠤᠢ ᠶᠢ ᠬᠠᠶᠢᠨ ᠰᠦᠪᠡᠭᠴᠢᠯᠡᠬᠦ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠨᠡᠯᠦᠭᠡᠷ ᠶᠡᠭᠡ ᠣᠷᠴᠢᠯᠠᠩ ᠢ ᠬᠠᠶᠢᠨ ᠰᠦᠪᠡᠭᠴᠢᠯᠡᠵᠦ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠪᠢᠳᠡᠨ ᠤ ᠴᠥᠬᠦᠷᠡᠰᠢ ᠦᠭᠡᠢ ᠬᠥᠭᠡᠭᠡᠴᠡᠯᠳᠦᠵᠦ ᠪᠠᠶᠢᠭ᠎ᠠ ᠰᠠᠨᠰᠠᠷ ᠤᠨ ᠠᠶᠠᠯᠠᠯ ᠤᠨ ᠵᠡᠭᠦᠳᠦ ᠮᠥᠨ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠦᠶ᠎ᠡ ᠦᠶ᠎ᠡ ᠶᠢᠨ ᠰᠠᠨᠰᠠᠷ ᠤᠨ ᠠᠶᠠᠯᠠᠯ ᠤᠨ ᠠᠵᠢᠯᠲᠠᠳ ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠠᠨᠰᠠᠷ ᠤᠨ ᠠᠶᠠᠯᠠᠯ ᠤᠨ ᠦᠢᠯᠡᠰ ᠦᠯᠦ ᠪᠠᠶᠢᠭᠰᠠᠨ ᠠᠴᠠ ᠪᠠᠨ ᠪᠠᠶᠢᠬᠤ ᠪᠣᠯᠵᠤ᠂ ᠪᠠᠭᠤᠷᠠᠢ ᠪᠠᠶᠢᠭᠰᠠᠨ ᠠᠴᠠ ᠪᠠᠨ ᠬᠦᠴᠦᠷᠬᠡᠭ ᠪᠤᠯᠬᠤ ᠶᠢ ᠠᠬᠢᠭᠤᠯᠵᠤ᠂ ︽ᠵᠢᠷᠤᠭ ᠲᠥᠯᠥᠪᠯᠡᠭᠡ ᠪᠠᠷ ᠬᠦᠰᠡᠯ ᠵᠡᠭᠦᠳᠦ ᠪᠠᠨ ᠵᠢᠷᠤᠭᠯᠠᠵᠤ︾ ᠪᠠᠶᠢᠭᠰᠠᠨ ᠠᠴᠠ ᠪᠠᠨ ︽ᠲᠡᠮᠡᠴᠡᠵᠦ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠪᠣᠯᠵᠤ᠂ ᠲᠡᠦᠬᠡᠲᠦ ᠴᠢᠨᠠᠷᠲᠠᠢ᠂ ᠴᠢᠨᠠᠷ ᠰᠠᠶᠢᠲᠠᠢ᠂ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠦ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠪᠠ ᠭᠡᠵᠦ ᠴᠢᠬᠤᠯᠠᠴᠢᠯᠠᠪᠠ᠃    ᠰᠢ ᠶᠢᠨ ᠫᠢᠩ᠂ ᠭᠠᠳᠠᠷ ᠳᠠᠪᠬᠤᠷᠭ᠎ᠠ ᠶᠢᠨ ᠣᠭᠲᠠᠷᠭᠤᠢ ᠪᠣᠯ ᠬᠥᠮᠥᠨ ᠲᠥᠷᠥᠯᠬᠢᠲᠡᠨ ᠤ ᠬᠠᠮᠲᠤ ᠶᠢᠨ ᠨᠤᠲᠤᠭ ᠳᠡᠪᠢᠰᠬᠡᠷ ᠮᠥᠨ᠂ ᠣᠭᠲᠠᠷᠭᠤᠢ ᠶᠢᠨ ᠬᠠᠶᠢᠨ ᠰᠦᠪᠡᠭᠴᠢᠯᠡᠯᠲᠡ ᠪᠣᠯ ᠬᠥᠮᠥᠨ ᠲᠥᠷᠥᠯᠬᠢᠲᠡᠨ ᠤ ᠬᠠᠮᠲᠤ ᠶᠢᠨ ᠦᠢᠯᠡᠰ ᠮᠥᠨ᠃ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠨᠢ ᠢᠮᠠᠭᠲᠠ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ᠂ ᠨᠠᠶᠢᠷᠠᠮᠳᠠᠯ ᠢᠶᠠᠷ ᠠᠰᠢᠭᠯᠠᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠵᠠᠷᠴᠢᠮ ᠢ ᠪᠠᠷᠢᠮᠲᠠᠯᠠᠵᠤ᠂ ︽ᠴᠠᠩ ᠧ︾ ᠪᠣᠯ ᠳᠤᠮᠳᠠᠳᠤ ᠤᠯᠤᠰ ᠤᠨ ᠬᠢ ᠪᠥᠭᠡᠳ ᠪᠦᠭᠦ ᠬᠥᠮᠥᠨ ᠲᠥᠷᠥᠯᠬᠢᠲᠡᠨ ᠤ ᠬᠢ ᠶᠤᠮ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠳᠤ ᠥᠷᠭᠡᠨ ᠠᠭᠤᠳᠠᠮ ᠲᠠᠪᠴᠠᠩ ᠬᠠᠩᠭᠠᠵᠤ᠂ ᠪᠦᠭᠦ ᠪᠥᠮᠪᠥᠷᠴᠡᠭ ᠤᠨ ᠭᠦᠨ ᠣᠭᠲᠠᠷᠭᠤᠢ ᠳᠤ ᠬᠠᠶᠢᠨ ᠰᠦᠪᠡᠭᠴᠢᠯᠡᠯᠲᠡ ᠬᠢᠬᠦ ᠳᠤ ᠳᠤᠮᠳᠠᠳᠤ ᠤᠯᠤᠰ ᠤᠨ ᠤᠶᠤᠨ ᠤᠬᠠᠭᠠᠨ ᠪᠣᠯᠣᠨ ᠳᠤᠮᠳᠠᠳᠤ ᠤᠯᠤᠰ ᠤᠨ ᠬᠦᠴᠦᠨ ᠴᠢᠳᠠᠯ ᠢ ᠨᠡᠮᠡᠷᠢᠯᠡᠬᠦ ᠬᠡᠷᠡᠭᠲᠡᠢ᠃ ᠪᠢᠳᠡ ᠦᠷᠭᠦᠯᠵᠢᠯᠡᠨ ᠬᠡᠬᠦᠳᠡᠭ ᠴᠡᠭᠡᠵᠢ ᠪᠠᠨ ᠠᠭᠤᠵᠢᠭᠤ ᠴᠢᠯᠦᠭᠡᠲᠡᠢ ᠪᠠᠶᠢᠯᠭᠠᠵᠤ᠂ ᠤᠯᠠᠨ ᠵᠦᠢᠯ ᠤᠨ ᠭᠡᠯᠪᠡᠷᠢ ᠶᠢᠨ ᠰᠠᠨᠰᠠᠷ ᠤᠨ ᠠᠶᠠᠯᠠᠯ ᠤᠨ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠵᠤ᠂ ᠡᠯ᠎ᠡ ᠤᠯᠤᠰ ᠯᠤᠭ᠎ᠠ ᠬᠥᠭᠵᠢᠯᠲᠡ ᠶᠢᠨ ᠦᠷ᠎ᠡ ᠪᠦᠲᠦᠭᠡᠯ ᠢᠶᠠᠨ ᠬᠤᠪᠢᠶᠠᠯᠴᠠᠨ ᠡᠳ᠋ᠯᠡᠵᠦ᠂ ᠰᠠᠨᠰᠠᠷ ᠣᠭᠲᠠᠷᠭᠤᠢ ᠶᠢᠨ ᠵᠠᠰᠠᠯᠲᠠ ᠶᠢ ᠲᠡᠭᠦᠯᠳᠡᠷᠵᠢᠭᠦᠯᠦᠨ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠷ ᠬᠥᠮᠥᠨ ᠲᠥᠷᠥᠯᠬᠢᠲᠡᠨ ᠳᠤ ᠨᠡᠩ ᠰᠠᠶᠢᠨ ᠪᠤᠶᠠᠨ ᠦᠢᠯᠡᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠰᠠᠨᠰᠠᠷ ᠣᠭᠲᠠᠷᠭᠤᠢ ᠶᠢ ᠬᠠᠶᠢᠨ ᠰᠦᠪᠡᠭᠴᠢᠯᠡᠬᠦ ᠠᠵᠢᠯ ᠡᠭᠦᠷᠢᠳᠡ ᠵᠣᠭᠰᠣᠰᠢ ᠦᠭᠡᠢ ᠶᠤᠮ᠃ ᠰᠠᠨᠰᠠᠷ ᠤᠨ ᠠᠶᠠᠯᠠᠯ ᠤᠨ ᠹᠷᠣᠨᠲ ᠤᠨ ᠨᠥᠬᠦᠳ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠠᠷᠠᠨ ᠪᠥᠮᠪᠥᠷᠴᠡᠭ ᠤᠨ ᠵᠠᠭᠪᠤᠷ ᠤᠨ ᠰᠢᠨᠵᠢᠯᠡᠬᠦ ᠤᠬᠠᠭᠠᠨ ᠤ ᠰᠤᠳᠤᠯᠭᠠᠨ ᠢ ᠨᠢᠮᠪᠠᠢ ᠥᠷᠨᠢᠭᠦᠯᠵᠦ᠂ ᠭᠦᠨ ᠣᠭᠲᠠᠷᠭᠤᠢ ᠶᠢᠨ ᠬᠠᠶᠢᠨ ᠬᠡᠮᠵᠢᠯᠲᠡ ᠵᠡᠷᠭᠡ ᠰᠠᠨᠰᠠᠷ ᠤᠨ ᠠᠶᠠᠯᠠᠯ ᠤᠨ ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠣᠭᠲᠠᠷᠭᠤᠢ ᠶᠢᠨ ᠰᠢᠨᠵᠢᠯᠡᠬᠦ ᠤᠬᠠᠭᠠᠨ᠂ ᠣᠭᠲᠠᠷᠭᠤᠢ ᠶᠢᠨ ᠮᠡᠷᠭᠡᠵᠢᠯ᠂ ᠣᠭᠲᠠᠷᠭᠤᠢ ᠶᠢᠨ ᠬᠡᠷᠡᠭᠯᠡᠭᠡᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠲᠠᠭᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    ᠲᠠᠷᠠᠭ᠎ᠠ ᠨᠢ᠂ ᠰᠢ ᠶᠢᠨ ᠫᠢᠩ ᠨᠠᠷ ᠠᠷᠠᠳ ᠤᠨ ᠶᠡᠭᠡ ᠬᠤᠷᠠᠯ ᠤᠨ ᠲᠢᠩᠬᠢᠮ ᠤᠨ ᠵᠡᠭᠦᠨ ᠶᠡᠭᠡ ᠲᠢᠩᠬᠢᠮ ᠳᠤ ᠬᠦᠷᠴᠦ᠂ ᠰᠠᠷᠠᠨ ᠪᠥᠮᠪᠥᠷᠴᠡᠭ ᠤᠨ ᠦᠯᠢᠭᠡᠷ ᠡᠳ᠋ ᠪᠣᠯᠣᠨ ︽ᠵᠢᠦ ᠲᠢᠶᠠᠨ ᠯᠠᠨ ᠶᠤᠸᠠᠢ · ᠰᠠᠷᠠᠨ ᠪᠥᠮᠪᠥᠷᠴᠡᠭ ᠢ ᠬᠠᠶᠢᠬᠤ ᠢᠨᠵᠧᠨᠧᠷᠢᠩ ᠤᠨ ᠬᠤᠷᠢᠨ ᠵᠢᠯ︾ ᠤᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ᠃    ᠯᠢ ᠭᠠᠨ ᠵᠢᠶᠧ᠂ ᠯᠢ ᠱᠤ᠋ ᠯᠧᠢ᠂ ᠵᠠᠩ ᠶᠢᠤ ᠰᠢᠶᠠ᠂ ᠵᠠᠩ ᠭᠦᠸᠧ ᠴᠢᠩ᠂ ᠦ᠋ ᠵᠧᠩ ᠯᠦᠩ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃    ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠢ ᠬᠡᠷᠡᠭᠵᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠮᠠᠨ ᠤ ᠤᠯᠤᠰ ᠤᠨ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠵᠦ ᠪᠠᠶᠢᠭᠠᠳ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠃ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠲᠡᠦᠬᠡᠨ ᠳᠡᠭᠡᠷᠡᠬᠢ ᠣᠳᠣ ᠪᠤᠯᠲᠠᠯᠠᠭᠢ ᠮᠡᠷᠭᠡᠵᠢᠯ ᠢᠶᠠᠷ ᠬᠠᠮᠤᠭ ᠤᠨ ᠥᠨᠳᠥᠷ ᠰᠠᠷᠠᠨ ᠪᠥᠮᠪᠥᠷᠴᠡᠭ ᠢ ᠬᠠᠶᠢᠨ ᠬᠡᠮᠵᠢᠬᠦ ᠡᠭᠦᠷᠭᠡ ᠪᠣᠯᠤᠭᠰᠠᠨ ᠤ ᠬᠤᠪᠢ ᠳᠤ᠂ ᠴᠠᠩ ᠧ ᠵᠢᠷᠭᠤᠳᠤᠭᠠᠷ ᠬᠥᠮᠥᠨ ᠲᠥᠷᠥᠯᠬᠢᠲᠡᠨ ᠤ ᠲᠡᠦᠬᠡᠨ ᠳᠡᠭᠡᠷ᠎ᠡ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠭᠡᠷ ᠡᠳ᠋ ᠠᠪᠴᠤ ᠪᠤᠴᠠᠬᠤ ᠶᠢ ᠪᠡᠶᠡᠯᠡᠭᠦᠯᠵᠦ᠂ ᠢᠷᠡᠭᠡᠳᠦᠢ ᠳᠤ ᠮᠠᠨ ᠤ ᠤᠯᠤᠰ ᠤᠨ ᠰᠠᠷᠠᠨ ᠪᠥᠮᠪᠥᠷᠴᠡᠭ ᠪᠠ ᠭᠠᠷᠠᠭ ᠣᠳᠣ ᠶᠢ ᠬᠠᠶᠢᠨ ᠬᠡᠮᠵᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号