︽ᠵᠢᠷᠭᠤᠭᠠᠨ ᠨᠢᠭᠡ︾ ᠠᠵᠢᠯ ᠤᠨ ᠲᠣᠭᠲᠠᠴᠠ ᠭᠡᠳᠡᠭ ᠨᠢ ᠳᠠᠷᠤᠢ ᠦᠵᠦ ᠲᠥᠯᠥᠪᠯᠡᠭᠡ ᠶᠢᠨ ᠲᠥᠰᠦᠯ ᠢ | ᠨᠢᠭᠡ ᠳᠠᠷᠤᠮᠠᠯᠯᠠᠨ ᠲᠠᠷᠬᠠᠭᠠᠬᠤ᠂ ᠵᠢᠯᠣᠭᠤᠳᠬᠤ ᠭᠠᠵᠠᠷ ᠢ ᠨᠢᠭᠡ ᠪᠠᠶᠢᠭᠤᠯᠬᠤ᠂ ᠲᠤᠰᠬᠠᠶ ᠮᠡᠷᠭᠡᠵᠢᠯᠲᠡᠨ ᠤ ᠺᠣᠮᠢᠰ ᠢ | ᠨᠢᠭᠡ ᠵᠣᠬᠢᠶᠠᠨ ᠪᠠᠶᠢᠭᠤᠯᠬᠤ᠂ ᠵᠠᠰᠠᠭ ᠵᠠᠬᠢᠷᠭᠠᠨ ᠤ ᠪᠠᠶᠢᠭᠤᠯᠤᠮᠵᠢ ᠶᠢ ᠨᠢᠭᠡ ᠪᠠᠶᠢᠭᠤᠯᠬᠤ᠂ ᠪᠦᠬᠦ ᠪᠡᠯᠡ ᠮᠥᠩᠭᠦ ᠶᠢ | ᠤᠯᠤᠰ ᠠᠴᠠ ᠭᠠᠷᠭᠠᠭᠰᠠᠨ ᠤᠯᠤᠰ ᠤᠨ ᠥᠮᠴᠢᠯᠡᠯᠲᠦ ᠺᠣᠮᠫᠠᠨᠢ ᠶᠢ ᠨᠢᠭᠡ ᠡᠭᠦᠳᠦᠨ ᠪᠠᠶᠢᠭᠤᠯᠬᠤ᠂ ᠵᠢᠯ ᠪᠦᠷᠢ 2 | ᠳ᠋ᠦᠩᠰᠢᠭᠤᠷ ᠲᠥᠭᠦᠷᠢᠭ ᠤᠨ ᠲᠤᠰᠬᠠᠶ ᠪᠡᠯᠡ ᠮᠥᠩᠭᠦ ᠶᠢ ᠲᠣᠬᠢᠷᠠᠭᠤᠯᠵᠤ᠂ ᠳ᠋ᠢᠭᠢᠳ᠋ᠴᠢᠯᠠᠯᠲᠠ ᠳᠤ ᠵᠣᠬᠢᠴᠠᠭᠰᠠᠨ | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠶᠢ ᠬᠡᠯᠡᠵᠦ ᠪᠣᠢ᠃ ᠣᠳᠣᠬᠠᠨ ᠳᠤ᠂ ᠬᠤᠲᠠ ᠶᠢᠨ | ᠲᠠᠷᠢᠬᠢ ᠶᠢ ᠪᠥᠬᠦ ᠬᠤᠲᠠ ᠶᠢᠨ 109 ᠰᠠᠯᠠᠭ᠎ᠠ ᠮᠥᠴᠢᠷ᠂ 343 ᠰᠢᠰᠲ᠋ᠧᠮ ᠳᠤ ᠵᠠᠯᠭᠠᠭᠰᠠᠨ ᠤ ᠬᠠᠮᠲᠤ᠂ ᠪᠥᠬᠦ | ᠬᠤᠲᠠ ᠶᠢᠨ ᠡᠯ᠎ᠡ ᠲᠠᠰ ᠳᠠᠪᠬᠤᠷᠭ᠎ᠠ᠂ ᠡᠯ᠎ᠡ ᠰᠠᠯᠠᠭ᠎ᠠ ᠮᠥᠴᠢᠷ ᠤᠨ ᠳ᠋ᠠᠶᠢᠲ᠋ᠠ ᠶᠢᠨ ᠬᠠᠮᠲᠤ ᠪᠠᠷ ᠡᠳ᠋ᠯᠡᠵᠦ | ᠰᠣᠯᠢᠯᠴᠠᠬᠤ ᠲᠣᠭᠲᠠᠯᠴᠠᠭ᠎ᠠ ᠶᠢ ᠪᠠᠶᠢᠭᠤᠯᠵᠤ᠂ ᠨᠡᠶᠢᠲᠡ ᠬᠤᠷᠠᠮᠳᠤᠭᠤᠯᠤᠭᠰᠠᠨ ᠳ᠋ᠠᠶᠢᠲ᠋ᠠ ᠶᠢᠨ ᠶᠡᠷᠦᠩᠬᠡᠢ ᠬᠡᠮᠵᠢᠶ᠎ᠡ | 52.6 ᠳ᠋ᠦᠩᠰᠢᠭᠤᠷ ᠵᠤᠷᠪᠤᠰ ᠪᠣᠯᠵᠤ᠂ 27.9 ᠳ᠋ᠦᠩᠰᠢᠭᠤᠷ ᠵᠤᠷᠪᠤᠰ ᠳ᠋ᠠᠶᠢᠲ᠋ᠠ ᠶᠢ ᠬᠠᠮᠲᠤ ᠡᠳ᠋ᠯᠡᠵᠦ ᠪᠣᠯᠣᠨ᠎ᠠ᠂ | ᠰᠠᠯᠠᠭ᠎ᠠ ᠮᠥᠴᠢᠷ ᠤᠨ ᠬᠥᠮᠥᠷᠭᠡ ᠶᠢ 31᠂ ᠰᠠᠭᠤᠷᠢ ᠬᠥᠮᠥᠷᠭᠡ ᠶᠢ 4᠂ ᠲᠤᠰᠬᠠᠶ ᠰᠡᠳᠦᠪᠲᠦ ᠬᠥᠮᠥᠷᠭᠡ ᠶᠢ 5᠂ | ᠥᠨᠳᠥᠷ ᠪᠠᠷᠢᠮᠵᠢᠶᠠᠲᠤ ᠳ᠋ᠠᠶᠢᠲ᠋ᠠ ᠶᠢᠨ ᠴᠤᠭᠯᠠᠷᠠᠯ ᠢ 4 ᠪᠦᠷᠢᠯᠳᠦᠭᠦᠯᠵᠦ᠂ ᠳ᠋ᠠᠶᠢᠲ᠋ᠠ ᠶᠢᠨ ᠵᠠᠯᠭᠠᠪᠤᠷᠢ ᠶᠢ 723 | ᠨᠡᠭᠡᠭᠡᠵᠦ᠂ 5200 ᠭᠠᠷᠤᠶ ᠲᠦᠮᠡ ᠤᠳᠠᠭ᠎ᠠ ᠰᠢᠯᠵᠢᠭᠦᠯᠦᠨ ᠬᠡᠷᠡᠭᠯᠡᠪᠡ᠃ |